ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠤᠬᠠᠭᠤᠯᠭ᠎ᠠ ᠰᠤᠶᠤᠯ ᠤᠨ ᠰᠢᠰᠲ᠋ᠧᠮ ᠤᠨ ᠬᠢᠨ ︽ᠳᠤᠮᠳᠠᠳᠥ ᠤᠯᠤᠰ ᠤᠨ ᠡᠪ ᠬᠠᠮᠳᠥ ᠨᠠᠮ ᠪᠠᠶᠢᠭᠤᠯᠤᠭᠳᠠᠭᠰᠠᠨ99 ᠵᠢᠯ ᠤᠨ ᠣᠢ︾ ᠳᠤᠷᠠᠰᠬᠠᠨ ᠳᠡᠮᠳᠡᠭᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-07-07
     ᠳᠤᠮᠳᠠᠳᠥ ᠤᠯᠤᠰ ᠤᠨ ᠡᠪ ᠬᠠᠮᠳᠥ ᠨᠠᠮ ᠪᠠᠶᠢᠭᠤᠯᠤᠭᠳᠠᠭᠰᠠᠨ99 ᠵᠢᠯ ᠤᠨ ᠣᠢ ᠶᠢ ᠳᠤᠷᠠᠰᠬᠠᠨ ᠳᠡᠮᠳᠡᠭᠯᠡᠬᠦ  ᠪᠠᠷ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ  ᠤᠬᠠᠭᠤᠯᠬᠤ ᠭᠡᠯᠳᠡᠰ᠂ ᠰᠤᠶᠤᠯ ᠳᠠᠮᠢᠷ ᠵᠢᠭᠤᠯᠴᠢᠯᠡᠯ ᠷᠠᠳᠢᠤ᠋ ᠳᠧᠯᠸᠢᠰ ᠳᠣᠪᠴᠢᠶ᠎ᠠ ᠵᠢᠴᠢ ᠬᠠᠮ ᠵᠠᠭᠤᠴᠢᠯᠠᠭᠤᠷ ᠤᠨ ᠳᠥᠪ ᠤᠨ ᠬᠢᠨ ᠬᠠᠮᠳᠤᠷᠠᠨ2020 ᠣᠨ ᠤ7 ᠰᠠᠷ᠎ᠠ  ᠶᠢᠨ1 ᠤ ᠡᠳᠥᠷ ᠤᠨ ᠦᠳᠡ ᠶᠢᠨ ᠬᠤᠶᠢᠨ᠎ᠠ ︽ᠰᠤᠷᠤᠯᠴᠠᠯᠭ᠎ᠠ ᠳᠠᠨᠢᠯᠳᠡ ᠪᠠᠨ ᠦᠢᠯᠡᠳᠥᠯᠭᠡᠵᠢᠭᠦᠯᠵᠥ ᠤᠭ ᠰᠠᠨᠠᠭ᠎ᠠ  ᠪᠠᠨ ᠪᠠᠷᠢᠮᠳᠠᠯᠠᠬᠤ︾ ᠭᠤᠤᠯ ᠰᠡᠳᠥᠪᠳᠥ ᠮᠡᠳᠡᠯᠭᠡ ᠶᠢᠨ ᠤᠷᠤᠯᠳᠤᠭᠠᠨ ᠢ ᠶᠠᠪᠤᠭᠳᠠᠭᠤᠯᠵᠥ᠂ ᠪᠥᠬᠦ ᠬᠤᠰᠢᠭᠤᠨ ᠤ ᠤᠬᠠᠭᠤᠯᠭ᠎ᠠ ᠰᠤᠷᠳᠡᠯᠴᠢᠯᠠᠭᠠᠨ ᠤ ᠳᠡᠷᠢᠭᠦᠨ ᠤ ᠡᠩᠨᠡᠭᠡᠨ ᠤ ᠬᠢᠯᠪᠠᠭ᠎ᠠ ᠶᠢ ᠪᠠᠳᠠᠷᠠᠭᠤᠯᠵᠠᠢ᠃      ᠤᠷᠤᠯᠳᠤᠭᠠᠨ ᠡᠬᠢᠯᠡᠬᠦ ᠠᠴᠠ ᠤᠷᠢᠳ ᠪᠥᠭᠦᠳᠡᠭᠡᠷ ᠳᠥᠪ ᠵᠤᠭᠰᠤᠨ ︽ᠤᠯᠤᠰ ᠤᠨ ᠳᠠᠭᠤᠤ︾ ᠶᠢ ᠬᠠᠮᠳᠥ  ᠪᠠᠷ ᠳᠠᠭᠤᠯᠠᠵᠤ᠂ ᠨᠠᠮ ᠤᠨ ᠭᠡᠰᠢᠭᠦᠳ ᠨᠠᠮ ᠤᠨ ᠳᠤᠭ ᠤᠨ ᠳᠤᠤᠷ᠎ᠠ ᠳᠠᠬᠢᠨᠳᠠ ᠳᠠᠩᠭᠠᠷᠢᠭᠯᠠᠨ᠂ ᠨᠠᠮ ᠳᠠᠭᠠᠨ ᠦᠨᠡᠨᠴᠢ ᠰᠢᠳᠤᠷᠭᠤ᠂ ᠨᠠᠮᠴᠢ ᠴᠢᠨᠠᠷ ᠢᠶᠠᠨ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠳᠠ ᠪᠠᠨ ᠨᠢᠭᠲᠠᠷᠠᠭᠤᠯᠬᠤ ᠬᠤᠪᠢᠰᠬᠠᠯᠳᠥ ᠵᠤᠷᠢᠭ ᠰᠠᠨᠠᠭ᠎ᠠ ᠶᠢ ᠤᠯᠠᠮᠵᠢᠯᠠᠬᠤ ᠰᠤᠷᠳᠠᠯ ᠤᠬᠠᠭᠤᠯᠭ᠎ᠠ ᠶᠢ ᠪᠥᠷᠢᠨ ᠬᠠᠷᠠᠭᠤᠯᠪᠠ᠃      ᠮᠡᠳᠡᠯᠭᠡ ᠶᠢᠨ ᠤᠷᠤᠯᠳᠤᠭᠠᠨ ᠨᠢ ᠨᠠᠮ ᠤᠨ ᠳᠥᠷᠥ ᠶᠢᠨ ᠪᠣᠳᠣᠯᠭ᠎ᠠ᠂ ᠨᠠᠮ ᠤᠨ ᠳᠡᠥᠬᠡ ᠶᠢᠨ ᠮᠡᠳᠡᠯᠭᠡ ᠶᠢ ᠳᠥᠭᠡᠮᠡᠯᠵᠢᠭᠦᠯᠥᠨ ᠪᠠᠳᠤᠵᠢᠭᠤᠯᠤᠭᠰᠠᠨ ᠪᠥᠭᠡᠳ ᠤᠷᠤᠯᠳᠤᠭᠠᠨ ᠤ ᠵᠠᠪᠰᠠᠷ ᠤᠯᠠᠭᠠᠨᠮᠥ᠋ᠴᠢᠷ ᠤᠨ ᠳᠣᠭᠯᠠᠭᠴᠢᠳ  ᠠᠴᠠ ᠭᠤᠶᠢᠳᠠ ᠰᠠᠶᠢᠬᠠᠨ ᠤᠷᠠᠨ ᠰᠠᠶᠢᠬᠠᠨ ᠤ ᠳᠣᠭᠯᠠᠯᠳᠠ ᠭᠠᠷᠭᠠᠵᠥ᠂ ᠠᠵᠢᠯᠯᠠᠭᠠᠨ ᠳᠤ ᠭᠥᠭ ᠨᠡᠮᠡᠷᠢᠯᠡᠭᠰᠡᠨ ᠪᠠᠶᠢᠨ᠎ᠠ᠃      ᠤᠷᠤᠯᠳᠤᠭᠠᠨ ᠤ ᠡᠴᠥᠰ ᠲᠤ᠂ ᠬᠤᠰᠢᠭᠤᠨ ᠤ ᠤᠬᠠᠭᠤᠯᠬᠤ ᠭᠡᠯᠳᠡᠰ ᠤᠨ ᠳᠤᠭᠤᠶᠢᠯᠠᠩ ᠳᠡᠷᠢᠭᠦᠯᠡᠵᠥ᠂ ᠰᠣᠶᠣᠯ ᠳᠠᠮᠢᠷ ᠵᠢᠭᠤᠯᠴᠢᠯᠠᠯ ᠷᠠᠳᠢᠣ᠋ ᠳᠧᠯᠸᠢᠰ ᠳᠣᠪᠴᠢᠶᠠᠨ ᠤ ᠳᠤᠭᠤᠶᠢᠯᠠᠩ ᠳᠡᠳ᠋ᠯᠡᠭᠰᠡᠨ ᠪᠠᠶᠢᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号