ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠨᠢ 1960 ᠣᠨ ᠳᠤ | ᠪᠠᠶᠢᠭᠤᠯᠤᠭᠳᠠᠵᠥ᠂ ᠪᠤᠭᠤᠲᠤ ᠬᠤᠲᠠ ᠶᠢᠨ ᠬᠤᠶᠢᠲᠤ ᠬᠡᠰᠡᠭ ᠤᠨ ᠥᠷᠭᠡᠨ ᠠᠭᠤᠳᠠᠮ ᠲᠠᠯ᠎ᠠ ᠨᠤᠲᠤᠭ ᠲᠠᠬᠢ | ᠠᠩᠬᠠᠳᠠᠭᠴᠢ ᠤᠯᠠᠭᠠᠨᠮᠥ᠋ᠴᠢᠷ ᠪᠣᠯᠬᠤ ᠪᠥᠭᠡᠳ ᠮᠥᠨᠴᠦ ᠴᠤᠷ ᠤᠨ ᠭᠠᠭᠴᠠ ᠴᠥᠭᠡᠨ ᠲᠣᠭᠠᠲᠤ ᠦᠨᠳᠦᠰᠦᠲᠡᠨ ᠤ | ᠬᠢᠯᠢ ᠶᠢᠨ ᠬᠤᠰᠢᠭᠤ ᠰᠢᠶᠠᠨ ᠤ ᠤᠳᠬ᠎ᠠ ᠤᠷᠠᠯᠢᠭ ᠤᠨ ᠪᠦᠯᠬᠦᠮ ᠪᠣᠯᠤᠨ᠎ᠠ᠃ 2020 ᠣᠨ ᠪᠣᠯ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠤᠨ ᠠᠩᠭᠢ ᠪᠠᠶᠢᠭᠤᠯᠤᠭᠳᠠᠭᠰᠠᠨ 60 ᠵᠢᠯ ᠤᠨ ᠣᠶ | ᠪᠣᠯᠤᠨ᠎ᠠ᠃ 60 ᠵᠢᠯ ᠤᠨ ᠲᠤᠷᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠢᠮᠠᠭᠲᠠ | ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠬᠠᠶᠢᠷᠠᠲᠠᠶ᠂ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ | ᠬᠠᠷᠠᠮ ᠥᠬᠡᠶ ᠵᠣᠷᠢᠭᠤᠯᠬᠤ᠂ ᠪᠦᠯᠬᠦᠮᠳᠡᠨ ᠳᠡᠮᠡᠴᠡᠬᠦ᠂ ᠵᠣᠷᠢᠭᠲᠠᠶ ᠪᠠᠷ ᠰᠢᠨ᠎ᠡ ᠶᠢ ᠡᠭᠦᠳᠬᠦ ᠢᠷᠠᠭᠤ ᠠᠯᠳᠠᠷᠲᠤ | ᠤᠯᠠᠮᠵᠢᠯᠠᠯ ᠪᠠ ᠰᠢᠯᠢᠳᠡᠭ ᠰᠤᠷᠲᠠᠯ ᠢ ᠪᠠᠷᠢᠮᠳᠠᠯᠠᠵᠤ᠂ ︽ᠲᠣᠭᠯᠠᠯᠲᠠ ᠭᠠᠷᠭᠠᠬᠤ᠂ ᠤᠬᠠᠭᠤᠯᠬᠤ᠂ ᠬᠠᠪᠰᠤᠷᠤᠨ | ᠵᠢᠯᠣᠭᠤᠳᠬᠤ᠂ ᠦᠶ᠋ᠯᠡᠴᠢᠯᠡᠬᠦ᠂ ᠵᠣᠬᠢᠶᠠᠨ ᠪᠦᠲᠦᠭᠡᠬᠦ᠂ ᠰᠢᠨ᠎ᠡ ᠶᠢ ᠡᠭᠦᠳᠬᠦ︾ ᠪᠠᠷ ᠡᠭᠦᠷᠭᠡ ᠬᠠᠷᠢᠭᠤᠴᠠᠯᠭ᠎ᠠ | ᠪᠣᠯᠭᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠳᠠᠷᠬᠠᠨ ᠮᠤᠤᠮᠢᠩᠭᠠᠨ | ᠤ ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠥᠷᠭᠡᠨ ᠠᠭᠤᠳᠠᠮ ᠲᠠᠯ᠎ᠠ ᠨᠤᠲᠤᠭ ᠲᠤ ᠮᠠᠯᠴᠢᠨ ᠲᠠᠷᠢᠶᠠᠴᠢᠨ | ᠲᠦᠮᠡᠨ ᠳᠤ ᠨᠠᠮ ᠤᠨ ᠳᠠᠭᠤᠨ ᠪᠣᠯᠤᠨ ᠬᠠᠶᠢᠷ᠎ᠠ ᠬᠠᠯᠠᠮᠵᠢ ᠶᠢ ᠳᠠᠮᠵᠢᠭᠤᠯᠬᠤ ᠶᠢ ᠪᠠᠷᠢᠮᠲᠠᠯᠠᠵᠤ᠂ ᠦᠨᠳᠦᠰᠦᠲᠡᠨ ᠤ | ᠰᠣᠶᠣᠯ ᠢ ᠪᠠᠳᠠᠷᠠᠭᠤᠯᠤᠨ ᠴᠡᠴᠡᠭᠯᠡᠭᠦᠯᠵᠦ᠂ ᠵᠠᠯᠠᠭᠤ ᠨᠠᠰᠤ ᠪᠠᠨ ᠵᠣᠷᠢᠭᠤᠯᠵᠤ᠂ ︽ᠲᠠᠯ᠎ᠠ ᠨᠤᠲᠤᠭ ᠤᠨ | ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠴᠢᠬᠤᠯᠠ ᠦᠢᠯᠡᠳᠥᠯ ᠢ ᠢᠳᠡᠪᠬᠢᠲᠡᠶ | ᠪᠠᠳᠠᠷᠠᠭᠤᠯᠵᠤ᠂ ᠳᠠᠭᠤᠤ ᠪᠣᠯᠤᠨ ᠢᠨᠢᠶᠡᠮᠰᠦᠭᠯᠡᠯ ᠢᠶᠠᠷ ᠳᠠᠷᠬᠠᠨ ᠮᠤᠤᠮᠢᠩᠭᠠᠨ ᠲᠠᠯ᠎ᠠ ᠨᠤᠲᠤᠭ ᠤᠨ ᠬᠠᠮᠤᠭ ᠤᠨ | ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠤᠭᠰᠠᠨ ᠪᠠᠶᠢᠨ᠎ᠠ᠃ | ᠲᠩᠷᠢ ᠪᠠᠷ ᠬᠥᠰᠢᠭᠡ ᠪᠣᠯᠭᠠᠵᠤ᠂ ᠭᠠᠵᠠᠷ ᠰᠢᠷᠣᠶ ᠪᠠᠷ ᠳᠠᠶᠢᠰᠠ ᠬᠢᠵᠥ᠂ ᠤᠯᠠᠮᠵᠢᠯᠠᠯᠲᠤ ᠰᠣᠶᠣᠯ ᠢᠶᠠᠷ ᠴᠤᠭ | ᠪᠠᠳᠠᠷᠠᠩᠭᠤᠶ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠪᠠ | ᠵᠢᠷᠭᠤᠭᠠᠨ ᠰᠠᠷ᠎ᠠ ᠶᠢᠨ ᠳᠠᠷᠬᠠᠨ ᠮᠤᠤᠮᠢᠩᠭᠠᠨ ᠤ ᠲᠠᠯ᠎ᠠ ᠨᠤᠲᠤᠭ ᠭᠤᠷᠭᠤᠤᠯᠳᠠᠶ ᠳᠠᠭᠤᠯᠠᠨ᠂ ᠡᠷᠪᠡᠬᠡᠶ | ᠪᠥᠵᠢᠭᠯᠡᠵᠥ᠂ ᠦᠬᠡᠷ ᠬᠤᠨᠢ ᠰᠦᠷᠦᠭᠯᠡᠵᠦ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠃ ᠲᠥᠯ ᠲᠤᠰᠴᠤ | ᠪᠤᠶᠢᠵᠢᠭᠤᠯᠬᠤ ᠠᠵᠢᠯ ᠰᠠᠶ᠋ᠢᠬᠠᠨ ᠰᠢᠪᠲᠤᠷᠭᠠᠨ ᠳᠠᠭᠠᠨ ᠣᠷᠣᠵᠤ᠂ ᠲᠠᠯ᠎ᠠ ᠨᠤᠲᠤᠭ ᠤᠨ ᠬᠤᠨᠢᠨ ᠨᠣᠣᠰᠣ | ᠬᠠᠶᠢᠴᠢᠯᠠᠬᠤ ᠶᠠᠭᠠᠷᠠᠯᠲᠠᠶ ᠴᠠᠭ ᠮᠥᠴᠡ ᠶᠢ ᠤᠭᠲᠤᠨ ᠠᠪᠴᠢᠷᠠᠯ᠎ᠠ᠃ ᠳᠠᠷᠬᠠᠨ ᠰᠤᠮᠤᠨ ᠤ ᠠᠯᠲᠠᠨ ᠲᠤᠭ | ᠭᠠᠴᠠᠭᠠᠨ ᠤ ᠡᠷᠳᠡᠨᠢᠴᠡᠴᠡᠭ ᠤᠨ ᠭᠡᠷ ᠤᠨ 200 ᠬᠤᠨᠢ ᠵᠤᠵᠠᠭᠠᠨ ᠬᠤᠨᠢᠨ ᠨᠣᠤᠰᠣ ᠪᠠᠨ ᠬᠠᠶᠢᠴᠢᠯᠠᠭᠠ ᠦᠭᠡᠢ᠃ | ᠡᠷᠳᠡᠨᠢᠴᠡᠴᠡᠭ ᠤᠷᠢᠯᠭ᠎ᠠ ᠥᠭᠴᠦ᠂ ᠡᠷᠭᠢᠨ ᠲᠣᠭᠤᠷᠢᠨ ᠤ 20 ᠭᠠᠷᠤᠶ ᠮᠠᠯᠴᠢᠨ ᠡᠨᠡ ᠡᠳᠦᠷ ᠲᠡᠭᠦᠨ ᠤ ᠭᠡᠷ ᠲᠤ | ᠢᠷᠡᠪᠡ᠃ ᠮᠠᠯᠴᠢᠳ ᠮᠠᠰᠢ ᠪᠠᠶᠠᠰᠴᠠᠢ᠂ ᠤᠴᠢᠷ ᠨᠢ ᠥᠨᠥᠳᠦᠷ ᠲᠡᠳᠡ ᠲᠠᠯ᠎ᠠ ᠨᠤᠲᠤᠭ ᠤᠨ ᠣᠨᠴᠠᠭᠠᠢ ᠵᠣᠴᠢᠳ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠢ ᠤᠭᠲᠤᠬᠤ ᠪᠣᠯᠤᠨ᠎ᠠ᠃ ᠡᠨᠡ | ᠥᠷᠯᠥᠭᠡ ᠡᠷᠲᠡ ᠮᠠᠯᠴᠢᠳ ᠡᠷᠳᠡᠨᠢᠴᠡᠴᠡᠭ ᠤᠨ ᠭᠡᠷ ᠲᠤ ᠬᠦᠷᠴᠦ ᠬᠤᠨᠢ ᠬᠠᠶᠢᠴᠢᠯᠠᠵᠤ ᠡᠬᠢᠯᠡᠪᠡ᠃ ᠶᠢᠰᠦᠨ ᠴᠠᠭ | ᠥᠩᠭᠡᠷᠡᠮᠡᠭᠴᠡ ᠤᠯᠠᠭᠠᠨᠮᠥ᠋ᠴᠢᠷ ᠤᠨ ᠭᠡᠰᠢᠭᠦᠳ ᠤᠨ ᠨᠡᠶᠢᠲᠡ ᠶᠢᠨ ᠮᠠᠰᠢᠨ ᠲᠡᠷᠭᠡ ᠲᠠᠯ᠎ᠠ ᠨᠤᠲᠤᠭ ᠤᠨ ᠨᠥᠭᠦᠭᠡ | ᠦᠵᠦᠭᠦᠷ ᠠᠴᠠ ᠠᠯᠭᠤᠷᠬᠠᠨ ᠮᠣᠷᠢᠯᠠᠨ ᠢᠷᠡᠪᠡ᠃ ᠡᠷᠳᠡᠨᠢᠴᠡᠴᠡᠭ ᠣᠯᠠᠨ ᠢ ᠠᠮᠠᠷᠠᠭᠤᠯᠤᠨ ᠮᠠᠯᠴᠢᠳ ᠭᠠᠷ ᠲᠠᠬᠢ | ᠪᠠᠭᠠᠵᠢ ᠬᠡᠷᠡᠭᠰᠡᠯ ᠢᠶᠠᠨ ᠲᠠᠯᠪᠢᠭᠠᠳ ᠬᠤᠨᠢᠨ ᠬᠠᠰᠢᠶ᠎ᠠ ᠠᠴᠠ ᠭᠠᠷᠴᠤ᠂ ᠪᠠᠶᠠᠷ ᠬᠥᠷ ᠲᠠᠢ ᠪᠠᠷ ᠵᠦᠯᠭᠡᠨ ᠳᠡᠭᠡᠷ᠎ᠡ | ᠲᠣᠭᠤᠷᠢᠨ ᠰᠠᠭᠤᠪᠠ᠃ ᠤᠯᠠᠭᠠᠨᠮᠥ᠋ᠴᠢᠷ ᠤᠨ ᠭᠡᠰᠢᠭᠦᠳ ᠬᠤᠪᠴᠠᠰᠤ ᠵᠠᠰᠠᠯ᠂ ᠬᠥᠭᠵᠢᠮᠳᠡᠭᠦᠷ ᠢᠶᠠᠨ ᠡᠭᠦᠷᠴᠦ | ᠮᠠᠯᠵᠢᠯ ᠤᠨ ᠲᠠᠯᠠᠪᠠᠢ ᠳᠤ ᠣᠷᠣᠵᠤ᠂ ᠬᠥᠭᠵᠢᠮ ᠲᠥᠬᠦᠭᠡᠷᠦᠮᠵᠢ ᠪᠠᠨ ᠰᠠᠶᠢᠲᠤᠷ ᠲᠤᠷᠰᠢᠨ ᠦᠵᠡᠵᠥ᠂ ᠲᠩᠷᠢ ᠪᠠᠷ | ᠬᠥᠰᠢᠭᠡ ᠪᠣᠯᠭᠠᠵᠤ᠂ ᠭᠠᠵᠠᠷ ᠢᠶᠠᠷ ᠲᠠᠪᠴᠠᠩ ᠬᠢᠵᠥ᠂ ᠲᠣᠭᠯᠠᠯᠲᠠ ᠡᠬᠢᠯᠡᠪᠡ᠃ ᠣᠮᠤᠭ ᠲᠡᠭᠦᠯᠳᠡᠷ ᠮᠣᠷᠢᠨ ᠬᠤᠭᠤᠷ | ᠂ ᠢᠷᠠᠭᠤ ᠰᠠᠶᠢᠬᠠᠨ ᠡᠷᠲᠡᠨ ᠤ ᠶᠠᠲᠤᠭ᠎ᠠ᠂ ᠰᠣᠨᠣᠰᠪᠤᠷᠢᠲᠠᠶ ᠮᠣᠩᠭᠤᠯ ᠳᠠᠭᠤᠤ᠂ ᠣᠮᠤᠭ ᠲᠡᠭᠦᠯᠳᠡᠷ ᠤᠶᠠᠨ | ᠵᠥᠭᠡᠯᠡᠨ ᠪᠥᠵᠢᠭ ᠭᠱᠠᠨ ᠵᠠᠭᠤᠷ᠎ᠠ ᠥᠷᠭᠡᠨ ᠠᠭᠤᠳᠠᠮ ᠲᠠᠯ᠎ᠠ ᠨᠤᠲᠤᠭ ᠢ ᠭᠡᠶᠢᠭᠦᠯᠪᠡ᠃ ᠨᠢᠭᠡ ᠴᠠᠭ ᠤᠨ ᠳᠠᠷᠠᠭ᠎ᠠ᠂ | ᠮᠠᠯᠴᠢᠳ ᠤᠨ ᠠᠯᠠᠭ᠎ᠠ ᠲᠡᠰᠢᠯᠲᠡ ᠪᠠ ᠤᠷᠠᠶᠢᠯᠠᠨ ᠬᠠᠰᠬᠢᠷᠬᠤ ᠳᠠᠭᠤᠨ ᠳᠤᠮᠳᠠ ᠲᠣᠭᠯᠠᠯᠲᠠ ᠥᠨᠳᠥᠷᠯᠡᠪᠡ᠃ | ᠤᠯᠠᠭᠠᠨᠮᠥ᠋ᠴᠢᠷ ᠤᠨ ᠭᠡᠰᠢᠭᠦᠳ ᠳᠠᠷᠤᠢ ᠡᠩ ᠤᠨ ᠬᠤᠪᠴᠠᠰᠤ ᠪᠠᠨ ᠰᠣᠯᠢᠵᠤ᠂ ᠮᠠᠯᠴᠢᠳ ᠲᠠᠢ ᠬᠠᠮᠲᠤ ᠬᠤᠨᠢᠨ | ᠬᠠᠰᠢᠶᠠᠨ ᠳᠤ ᠪᠠᠨ ᠣᠷᠣᠵᠤ᠂ ᠬᠤᠨᠢᠨ ᠨᠣᠣᠰᠣ ᠬᠠᠶᠢᠴᠢᠯᠠᠵᠤ᠂ ᠬᠤᠨᠢᠨ ᠰᠦᠷᠦᠭ ᠤᠨ ᠵᠣᠪ ᠵᠤᠵᠠᠭᠠᠨ ᠳᠡᠪᠡᠯ ᠢ | ᠲᠠᠶᠢᠯᠵᠤ ᠥᠭᠭᠦᠨ ᠵᠤᠨ ᠢ ᠤᠭᠳᠤᠪᠠ᠃ | ︽ᠪᠢ ᠬᠠᠷᠠᠬᠠᠨ ᠪᠠᠭ᠎ᠠ ᠠᠴᠠ ᠪᠠᠨ ᠲᠠᠯ᠎ᠠ ᠨᠤᠲᠤᠭ ᠲᠤ ᠠᠮᠢᠳᠤᠷᠠᠵᠤ᠂ ᠤᠯᠠᠭᠠᠨᠮᠥ᠋ᠴᠢᠷ ᠬᠦᠷᠴᠦ | ᠢᠷᠡᠭᠰᠡᠨ ᠨᠢ ᠮᠠᠨ ᠤ ᠮᠠᠯᠴᠢᠳ ᠤᠨ ᠬᠠᠮᠤᠭ ᠤᠨ ᠪᠠᠶᠠᠷᠲᠠᠶ ᠣᠴᠢᠷ ᠪᠣᠯᠤᠨ᠎ᠠ᠃ ᠡᠳᠡᠭᠡᠷ ᠬᠡᠦᠬᠡᠳ ᠤᠷᠠᠯᠢᠭᠴᠢᠨ | ᠪᠣᠯᠬᠤ ᠪᠠᠷ ᠪᠠᠷᠠᠬᠤ ᠦᠭᠡᠢ ᠪᠠᠰᠠ ᠬᠤᠨᠢ ᠬᠠᠶᠢᠴᠢᠯᠠᠬᠤ ᠰᠠᠶᠢᠨ ᠭᠠᠷ᠂ ᠪᠥᠷ ᠮᠠᠯᠴᠢᠳ ᠤᠨ ᠬᠡᠦᠬᠡᠳ︾ ᠭᠡᠵᠥ | ᠡᠷᠳᠡᠨᠢᠴᠡᠴᠡᠭ ᠪᠠᠶᠠᠷᠲᠠᠶ ᠪᠠᠷ ᠬᠡᠯᠡᠪᠡ᠃ | ᠶᠠᠭ ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠲᠤ ᠢᠯᠡᠭᠡᠭᠰᠡᠨ ᠬᠠᠷᠢᠭᠤ ᠵᠠᠬᠢᠳᠠᠯ ᠳᠠᠭᠠᠨ᠄ | ︽60 ᠵᠢᠯ ᠤᠨ ᠲᠤᠷᠰᠢ᠂ ᠦᠶ᠎ᠡ ᠦᠶ᠎ᠡ ᠶᠢᠨ ᠤᠯᠠᠭᠠᠨᠮᠥ᠋ᠴᠢᠷ ᠤᠨ ᠭᠡᠰᠢᠭᠦᠳ ᠴᠠᠰᠤ ᠰᠢᠭᠤᠷᠭ᠎ᠠ ᠶᠢ ᠤᠭᠲᠤᠨ᠂ | ᠬᠦᠢᠲᠡᠨ ᠨᠠᠷᠠ ᠶᠢ ᠰᠥᠷᠴᠦ᠂ ᠭᠤᠪᠢ᠂ ᠲᠠᠯ᠎ᠠ ᠨᠤᠲᠤᠭ ᠳᠡᠭᠡᠷ᠎ᠡ ᠤᠷᠲᠤ ᠬᠤᠭᠤᠴᠠᠭ᠎ᠠ ᠠᠶᠠᠯᠠᠵᠤ᠂ ᠲᠩᠷᠢ ᠪᠠᠷ | ᠬᠥᠰᠢᠭᠡ ᠪᠣᠯᠭᠠᠵᠤ᠂ ᠬᠥᠷᠥᠰᠥ ᠪᠠᠷ ᠲᠠᠪᠴᠠᠩ ᠬᠢᠵᠥ᠂ ᠥᠷᠭᠡᠨ ᠤᠯᠠᠨ ᠮᠠᠯᠴᠢᠨ ᠲᠠᠷᠢᠶᠠᠴᠢᠨ ᠳᠤ ᠪᠠᠶᠠᠷ ᠪᠠᠶᠠᠰᠤᠯ | ᠪᠠ ᠪᠣᠯᠪᠠᠰᠤᠨ ᠢ ᠠᠪᠴᠢᠷᠠᠵᠤ᠂ ᠨᠠᠮ ᠤᠨ ᠲᠠᠭᠤᠨ ᠪᠠ ᠬᠠᠯᠠᠮᠵᠢᠯᠠᠯ ᠢ ᠳᠠᠮᠵᠢᠭᠤᠯᠪᠠ᠃︾ ᠭᠡᠪᠡ᠃ ︽ᠪᠢᠳᠡ ᠵᠢᠯ | ᠪᠦᠷᠢ ᠬᠥᠳᠡᠭᠡ ᠪᠠᠭᠤᠵᠤ 100 ᠤᠳᠠᠭ᠎ᠠ ᠲᠣᠭᠯᠠᠯᠲᠠ ᠭᠠᠷᠭᠠᠨ᠎ᠠ᠃ ᠠᠩᠭᠢ ᠶᠢᠨ ᠭᠡᠰᠢᠭᠦᠳ ᠨᠢᠭᠡ ᠨᠢᠭᠡ ᠪᠠᠷ ᠢᠶᠠᠨ | ᠲᠤᠰᠬᠠᠶ ᠮᠡᠷᠭᠡᠵᠢᠯ ᠣᠯᠠᠨ ᠴᠢᠳᠠᠪᠤᠷᠢ ᠲᠠᠢ᠂ ᠬᠡᠳᠦᠨ ᠲᠤᠰᠢᠶᠠᠯ ᠬᠠᠪᠰᠤᠷᠭᠠᠨ ᠬᠠᠷᠢᠭᠤᠴᠠᠵᠤ᠂ ᠲᠠᠷᠢᠶᠠᠴᠢᠨ | ᠮᠠᠯᠴᠢᠳ ᠲᠤ ᠳᠠᠭᠤᠤ ᠳᠠᠭᠤᠯᠠᠵᠤ ᠪᠥᠵᠢᠭᠯᠡᠬᠦ ᠪᠠᠷ ᠪᠠᠷᠠᠬᠤ ᠦᠭᠡᠢ᠂ ᠪᠠᠰᠠ ᠲᠠᠷᠢᠶᠠᠴᠢᠨ ᠮᠠᠯᠴᠢᠳ ᠲᠠᠢ ᠬᠠᠮᠲᠤ | ᠢᠳᠡᠵᠦ ᠬᠠᠮᠲᠤ ᠰᠠᠭᠤᠵᠤ ᠬᠠᠮᠲᠤ ᠬᠥᠳᠡᠯᠮᠦᠷᠢᠯᠡᠵᠦ᠂ ᠦᠰᠦ ᠵᠠᠰᠠᠬᠤ᠂ ᠲᠥᠯ ᠲᠤᠰᠬᠤ᠂ ᠬᠤᠨᠢ ᠢᠮᠠᠭ᠎ᠠ ᠠᠪᠬᠤ | ᠲᠣᠭᠤᠰᠬ᠎ᠠ ᠠᠪᠬᠤ᠂ ᠬᠤᠨᠢᠨ ᠨᠣᠤᠰᠣ ᠬᠠᠶᠢᠴᠢᠯᠠᠬᠤ ᠵᠡᠷᠭᠡ᠂ ᠠᠯᠪᠠᠨ ᠵᠢᠷᠤᠮ ᠤᠨ ᠠᠵᠢᠯ ᠬᠢᠵᠥ᠂ ᠮᠠᠯᠴᠢᠨ | ᠲᠠᠷᠢᠶᠠᠴᠢᠨ ᠳᠤ ᠡᠷᠬᠢᠮ ᠨᠠᠨᠳᠢᠨ ᠤᠶᠤᠨ ᠤ ᠬᠦᠨᠡᠰᠦ ᠬᠦᠷᠭᠡᠬᠦ ᠶᠢᠨ ᠬᠠᠮᠲᠤ ᠪᠠᠰᠠ ᠨᠠᠮ ᠪᠠ ᠵᠠᠰᠠᠭ ᠤᠨ | ᠣᠷᠳᠣᠨ ᠤ ᠳᠣᠲᠣᠨᠣ ᠬᠠᠯᠠᠮᠵᠢᠯᠠᠯ ᠢ ᠬᠦᠷᠭᠡᠪᠡ᠃ ᠡᠨᠡ ᠪᠣᠯ ᠳᠠᠷᠤᠶ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠤᠯᠠᠭᠠᠨᠮᠥ᠋ᠴᠢᠷ ᠤᠨ ᠬᠠᠭᠠᠰ ᠢᠯᠡᠭᠦᠤ ᠵᠠᠭᠤᠨ ᠤ ᠰᠠᠯᠬᠢ ᠪᠣᠷᠣᠭᠠᠨ ᠤ ᠳᠠᠪᠲᠠᠯᠲᠠ ᠶᠢ | ᠥᠩᠭᠡᠷᠡᠭᠦᠯᠦᠭᠰᠡᠨ ᠪᠥᠭᠡᠳ ᠮᠥᠨ ᠬᠦ ᠦᠶ᠎ᠡ ᠤᠯᠠᠷᠢᠨ ᠣᠷᠣᠰᠢᠨ ᠳᠤᠭᠳᠠᠨᠢᠵᠥ᠂ ᠦᠶ᠎ᠡ ᠤᠯᠠᠷᠢᠨ | ᠤᠯᠠᠮᠵᠢᠯᠠᠭᠳᠠᠭᠰᠠᠨ ᠬᠥᠭᠵᠢᠯᠲᠡ ᠶᠢᠨ ᠨᠢᠭᠤᠴᠠ ᠵᠣᠷ ᠪᠣᠯᠤᠨ᠎ᠠ᠃︾ ᠭᠡᠵᠥ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠤᠯᠠᠭᠠᠨᠮᠥ᠋ᠴᠢᠷ ᠤᠨ ᠳᠠᠷᠤᠭ᠎ᠠ ᠡᠩᠬᠡ ᠬᠡᠯᠡᠪᠡ᠃ | ᠠᠷᠠᠳ ᠲᠦᠮᠡᠨ ᠤ ᠳᠤᠮᠳᠠ ᠣᠴᠢᠵᠤ᠂ ᠵᠣᠬᠢᠶᠠᠨ ᠪᠦᠲᠦᠭᠡᠬᠦ ᠡᠬᠢ ᠪᠤᠯᠠᠭ ᠢ ᠡᠷᠢᠨ᠎ᠡ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠶᠠᠭ ᠤᠷᠲᠤ ᠬᠤᠭᠤᠴᠠᠭᠠᠨ ᠤ ᠬᠥᠳᠡᠭᠡ | ᠪᠠᠭᠤᠵᠤ ᠲᠣᠭᠤᠷᠢᠨ ᠳᠣᠭᠯᠠᠬᠤ ᠶᠠᠪᠤᠴᠠ ᠳᠤ᠂ ᠲᠠᠯ᠎ᠠ ᠨᠤᠲᠤᠭ ᠤᠨ ᠥᠷᠭᠡᠨ ᠠᠭᠤᠳᠠᠮ ᠭᠦᠨ ᠵᠤᠵᠠᠭᠠᠨ ᠬᠠᠶᠢᠷ᠎ᠠ | ᠰᠡᠳᠬᠢᠯᠭᠡ ᠪᠠᠷ ᠦᠰᠦᠨ ᠪᠤᠶᠢᠵᠢᠬᠤ ᠥᠯᠥᠭᠡᠶ ᠪᠣᠯᠭᠠᠵᠥ᠂ ᠡᠬᠡ ᠪᠠᠶᠢᠭᠠᠯᠢ ᠶᠢᠨ ᠵᠤᠵᠠᠭᠠᠨ ᠵᠤᠵᠠᠭᠠᠨ ᠬᠤᠷᠠᠮᠳᠤᠯ ᠢ | ᠤᠷᠠᠯᠢᠭ ᠤᠨ ᠡᠬᠢ ᠪᠤᠯᠠᠭ ᠪᠣᠯᠭᠠᠵᠠᠢ᠃ ᠠᠷᠠᠳ ᠣᠯᠠᠨ ᠤ ᠭᠠᠯ ᠬᠠᠯᠠᠭᠤᠨ ᠪᠣᠳᠠᠲᠤ ᠠᠮᠢᠳᠤᠷᠠᠯ ᠤᠨ ᠳᠤᠮᠳᠠ ᠠᠴᠠ | ᠵᠣᠬᠢᠶᠠᠨ ᠪᠦᠲᠦᠭᠡᠯᠭᠡ ᠶᠢᠨ ᠠᠪᠢᠶᠠᠰ ᠪᠢᠯᠢᠭ ᠡᠷᠢᠵᠥ᠂ ᠦᠨᠳᠦᠰᠦᠲᠡᠨ ᠤ ᠠᠷᠠᠳ ᠤᠨ ᠰᠢᠯᠢᠳᠡᠭ ᠡᠯᠪᠡᠭ ᠪᠠᠶᠠᠯᠢᠭ | ᠰᠣᠶᠣᠯ ᠤᠨ ᠤᠯᠠᠮᠵᠢᠯᠠᠯ ᠠᠴᠠ ᠰᠢᠮ᠎ᠡ ᠲᠡᠵᠢᠭᠡᠯ ᠬᠥᠷᠳᠡᠵᠥ᠂ ᠶᠡᠭᠡ ᠬᠡᠮᠵᠢᠶᠡᠨ ᠤ ᠭᠠᠵᠠᠷ ᠣᠷᠣᠨ ᠤ ᠠᠭᠤᠷ | ᠠᠮᠢᠰᠬᠤᠯ ᠢᠶᠠᠷ ᠤᠯᠠᠮᠵᠢᠯᠠᠭᠳᠠᠨ ᠳᠡᠯᠭᠡᠷᠡᠵᠦ ᠳᠡᠶᠢᠯᠬᠦ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠭᠰᠡᠨ ᠪᠠᠶᠢᠨ᠎ᠠ᠃ ︽ | ᠨᠢᠰᠤᠨ ᠳᠡᠭᠦᠯᠢᠭᠡ ᠪᠠᠳᠣᠬᠠᠭᠠᠯᠭ᠎ᠠ︾᠂ ︽ᠪᠢᠴᠢᠬᠠᠨ ᠵᠦᠭᠡᠢ︾᠂ ︽ᠮᠣᠷᠳᠠᠭᠰᠠᠨ ᠨᠢ ︽ᠬᠤᠬᠡᠨ ᠠᠭᠤᠯᠠᠨ ᠤ | ᠳᠣᠮᠤᠭ︾᠂ ︽ᠬᠤᠨᠢ ᠬᠠᠶᠢᠴᠢᠯᠠᠭᠰᠠᠨ ᠨᠢ︾᠂ ︽ᠣᠳᠣᠷ ᠤᠨ ᠵᠠᠮ ᠳᠠᠭᠠᠨ︾᠂ ︽ᠬᠤᠪᠢᠯᠭᠠᠨ ᠴᠠᠭᠠᠨ | ᠤᠨᠠᠭ᠎ᠠ︾᠂ ︽ᠳᠠᠭᠲᠠᠭᠠ ᠬᠠᠳᠬᠤᠭᠰᠠᠨ ᠬᠠᠪᠠᠭᠠ︾᠂ ︽ᠳᠥᠷᠥᠯ ᠢᠶᠠᠨ ᠡᠷᠬᠢᠭᠰᠡᠨ ᠨᠢ︾᠂ ︽ᠴᠠᠭᠠᠨ | ᠡᠭᠦᠯᠡᠨ ᠨᠤᠲᠤᠭ︾᠂ ︽ᠦᠵᠡᠰᠭᠦᠯᠡᠩᠳᠥ ᠰᠠᠶᠢᠬᠠᠨ ᠳᠠᠷᠬᠠᠨ ᠮᠤᠤᠮᠢᠩᠭᠠᠨ ᠮᠢᠨᠦ ᠰᠡᠳᠬᠢᠯ ᠳᠠᠬᠢ ᠳᠠᠭᠤᠤ︾᠂ ︽ | ᠲᠠᠯ᠎ᠠ ᠨᠤᠲᠤᠭ ᠢᠶᠠᠨ ᠰᠠᠨᠠᠭᠠᠯᠵᠠᠶ᠎ᠠ︾᠂ ︽ ᠳᠠᠭᠠᠳᠬᠠᠯ︾᠂ ︽ᠮᠢᠨᠦ ᠡᠪᠦᠭᠡ ᠳᠡᠭᠡᠳᠦᠰ︾᠂ ︽ᠮᠣᠩᠭᠤᠯ ᠤᠨ | ᠲᠡᠮᠦᠷ ᠡᠷ᠎ᠡ︾᠂ ︽ᠰᠢᠭᠤᠷᠭᠠᠨ ᠳᠤᠮᠳᠠᠬᠢ ᠬᠥᠭᠡ ᠮᠣᠷᠢ︾᠂ ︽ᠮᠠᠨ ᠤ ᠤᠯᠠᠭᠠᠨᠮᠥ᠋ᠴᠢᠷ︾᠂ ︽ᠥᠨᠳᠥᠰᠥᠨ | ᠱᠠᠳᠤᠨ ᠳᠤ ᠬᠠᠤᠯᠢ ᠤᠬᠠᠭᠤᠯᠤᠭᠰᠠᠨ ᠨᠢ︾᠂ ︽ᠬᠥᠮᠥᠨ ᠤ ᠤᠭ ᠴᠢᠨᠠᠷ︾᠂︾᠂ ︽ᠳᠠᠷᠬᠠᠨ ᠤ ᠭᠡᠭᠡᠨᠴᠢᠷ | ᠬᠤᠪᠴᠠᠰᠥ︾᠂ ᠵᠡᠷᠭᠡ ᠥᠪᠡᠷ ᠢᠶᠠᠨ ᠵᠤᠬᠢᠶᠠᠨ ᠪᠥᠳᠥᠭᠡᠭᠰᠡᠨ ᠪᠥᠵᠢᠭ᠂ ᠬᠤᠯᠪᠤᠭ᠎ᠠ᠂ ᠳᠠᠭᠤᠳᠥ ᠪᠥᠵᠢᠭᠳᠦ | ᠵᠥᠴᠥᠭᠡ᠂ ᠬᠥᠥᠮᠠᠢ ᠵᠡᠷᠭᠡ ᠨᠢ ᠤᠯᠤᠰ ᠤᠨ ᠲᠠᠰ ᠤᠨ ᠱᠠᠩᠨᠠᠯ 15 ᠤᠳᠠᠭ᠎ᠠ᠂ ᠥᠪᠡᠷᠲᠡᠭᠡᠨ ᠵᠠᠰᠠᠬᠤ ᠣᠷᠣᠨ ᠤ | ᠱᠠᠩᠨᠠᠯ 191 ᠤᠳᠠᠭ᠎ᠠ ᠭᠥᠷᠳᠡᠪᠡ᠃ ᠪᠠᠶᠢᠭᠤᠯᠤᠭᠳᠠᠭᠰᠠᠨ 60 ᠵᠢᠯ ᠤᠨ ᠲᠤᠷᠰᠢ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠬᠤᠰᠢᠭᠤᠨ ᠤ ᠬᠢᠨᠢ ᠠᠭᠤᠯᠠ ᠤᠰᠤ ᠶᠢ ᠲᠣᠭᠤᠷᠢᠲᠠᠯᠠ | ᠶᠠᠪᠤᠵᠤ᠂ ᠲᠡᠳᠡᠨ ᠤ ᠳᠠᠭᠤᠤ ᠨᠢ ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠥᠨᠴᠥᠭ ᠪᠤᠯᠤᠩ ᠪᠣᠯᠭᠠᠨ ᠳᠤ | ᠲᠠᠷᠬᠠᠪᠠ᠃ ᠲᠡᠳᠡᠨ ᠤ ᠤᠷᠠᠯᠢᠭ ᠪᠠ ᠬᠥᠳᠡᠯᠮᠦᠷᠢ ᠪᠠᠷ ᠢᠶᠠᠨ ᠮᠠᠯᠴᠢᠳ ᠤᠨ ᠵᠣᠷᠢᠭ ᠰᠠᠨᠠᠭ᠎ᠠ ᠶᠢ ᠵᠣᠷᠢᠭᠵᠢᠭᠤᠯᠵᠤ᠂ | ᠮᠠᠯᠴᠢᠳ ᠤᠨ ᠦᠵᠡᠯ ᠰᠡᠳᠬᠢᠯᠭᠡ ᠶᠢ ᠪᠣᠯᠪᠠᠰᠤᠷᠠᠭᠤᠯᠤᠨ᠎ᠠ᠃ ︽ᠲᠠᠪᠤᠨ ᠰᠠᠶᠢᠨᠲᠠᠶ ᠤᠯᠠᠭᠠᠨᠮᠥ᠋ᠴᠢᠷ︾ ︽ᠰᠢᠯᠢᠳᠡᠭ | ᠤᠯᠠᠭᠠᠨᠮᠥ᠋ᠴᠢᠷ︾ ︽ᠨᠢᠭᠡᠳᠦᠭᠡᠷ ᠲᠥᠷᠥᠯ ᠤᠨ ᠤᠯᠠᠭᠠᠨᠮᠥ᠋ᠴᠢᠷ︾ ᠵᠡᠷᠭᠡ ᠢᠷᠠᠭᠤ ᠠᠯᠳᠠᠷ ᠤᠨ ᠴᠣᠯᠠ ᠶᠢ ᠣᠯᠠᠨᠲᠠ | ᠭᠥᠷᠳᠡᠵᠦ᠂ ᠡᠭᠦᠨ ᠤ ᠬᠠᠮᠲᠤ ᠤᠯᠤᠰ ᠤᠨ ᠳᠣᠲᠣᠭᠠᠳᠤ ᠭᠠᠳᠠᠭᠠᠳᠤ ᠶᠢᠨ ᠤᠯᠤᠰ ᠤᠨ ᠲᠡᠷᠢᠭᠦᠨ ᠪᠣᠯᠤᠨ | ᠰᠢᠶᠠᠩᠭᠠᠩ ᠣᠣᠮᠧᠨ ᠳᠠᠶᠢᠸᠠᠨ ᠤ ᠠᠬ᠎ᠠ ᠳᠡᠭᠦᠦ ᠨᠡᠷ ᠲᠤ ᠲᠣᠭᠯᠠᠯᠲᠠ ᠭᠠᠷᠭᠠᠵᠤ᠂ ᠲᠠᠯ᠎ᠠ ᠨᠤᠲᠤᠭ ᠤᠨ ᠵᠥᠩᠨᠡᠯ | ᠳᠡᠪᠰᠢᠭᠦᠯᠪᠡ᠃ | ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠭ ᠰᠠᠨᠠᠭ᠎ᠠ ᠪᠠᠨ ᠦᠯᠦ ᠮᠠᠷᠳᠠᠨ᠂ ᠤᠷᠠᠯᠢᠭ ᠢᠶᠠᠷ ︽ᠬᠢᠵᠢᠭ | ︾ ᠢ ᠡᠰᠡᠷᠭᠦᠴᠡᠪᠠ | 2017ᠣᠨ ᠤ 11 ᠰᠠᠷ᠎ᠠ ᠶᠢᠨ 21 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠤᠨ ᠰᠥᠨᠢᠳ | ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠥᠭᠭᠦᠭᠰᠡᠨ ᠬᠠᠷᠢᠭᠤ ᠵᠠᠬᠢᠳᠠᠯ ᠨᠢ ᠳᠠᠷᠬᠠᠨ | ᠮᠤᠤᠮᠢᠩᠭᠠᠨ ᠬᠤᠰᠢᠭᠤᠨ ᠤ ᠤᠯᠠᠭᠠᠨᠮᠥ᠋ᠴᠢᠷ ᠤᠨ ᠬᠥᠮᠦᠰ ᠢ ᠶᠡᠬᠡᠳᠡ ᠵᠣᠷᠢᠭᠵᠢᠭᠤᠯᠵᠤ᠂ ᠲᠠᠳᠠ ᠡᠭᠦᠷᠭᠡ | ᠬᠠᠷᠢᠭᠤᠴᠠᠯᠭ᠎ᠠ᠂ ᠢᠷᠠᠭᠤ ᠠᠯᠳᠠᠷ ᠢᠶᠠᠨ ᠭᠥᠨᠵᠡᠭᠡᠢ ᠮᠡᠳᠡᠷᠡᠵᠥ᠂ ᠰᠢᠨ᠎ᠡ ᠴᠠᠭ ᠦᠶ᠎ᠡ ᠤᠨ ᠠᠷᠠᠳ ᠣᠯᠠᠨ ᠤ ᠰᠠᠶᠢᠨ | ᠰᠠᠶᠢᠬᠠᠨ ᠠᠮᠢᠳᠤᠷᠠᠯ ᠤᠨ ᠬᠥᠰᠡᠯ ᠡᠷᠡᠮᠡᠯᠵᠡᠯ ᠨᠠᠩ ᠴᠤ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠳᠤ ᠰᠢᠨ᠎ᠡ | ᠱᠠᠭᠠᠷᠳᠠᠯᠭ᠎ᠠ ᠳᠤᠷᠠᠳᠪᠠ᠃ ᠡᠯ᠎ᠡ ᠳᠡᠭᠡᠳᠥ ᠱᠠᠲᠤᠨ ᠤ ᠰᠠᠯᠠᠭ᠎ᠠ ᠮᠥᠴᠢᠷ ᠤᠨ ᠬᠠᠪᠰᠤᠷᠤᠯᠭ᠎ᠠ ᠵᠢᠴᠢ ᠪᠦᠬᠦ | ᠭᠡᠰᠢᠭᠦᠳ ᠤᠨ ᠬᠠᠮᠲᠤ ᠶᠢᠨ ᠴᠢᠷᠮᠠᠶᠢᠯᠭ᠎ᠠ ᠪᠠᠷ ᠣᠶᠢᠷ᠎ᠠ ᠶᠢᠨ ᠵᠢᠯ ᠳᠤ᠂ ᠳᠠᠷᠬᠠᠨ ᠮᠤᠤᠮᠢᠩᠭᠠᠨ ᠬᠤᠰᠢᠭᠤᠨ ᠤ | ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠲᠩᠷᠢ ᠭᠠᠵᠠᠷ ᠢ ᠳᠣᠩᠰᠣᠯᠭᠠᠮ᠎ᠠ ᠯᠤᠲᠤ ᠶᠡᠭᠡ ᠬᠤᠪᠢᠷᠠᠯᠲᠠ ᠲᠠᠢ | ᠪᠣᠯᠵᠣ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ᠂ ᠠᠷᠠᠳ ᠲᠤ ᠠᠰᠢᠭ ᠬᠥᠷᠳᠡᠭᠦ ᠵᠡᠷᠭᠡ ᠲᠠᠯ᠎ᠠ ᠪᠠᠷ | ᠢᠯᠡᠳᠲᠡ ᠳᠡᠭᠡᠭᠰᠢᠯᠡᠪᠡ᠃ ︽ᠲᠣᠭᠯᠠᠯᠲᠠ ᠭᠠᠷᠭᠠᠬᠤ᠂ ᠤᠬᠠᠭᠤᠯᠬᠤ᠂ᠦᠢᠯᠡᠴᠢᠯᠡᠬᠦ᠂ ᠬᠠᠪᠰᠤᠷᠤᠨ ᠵᠢᠯᠣᠭᠤᠳᠬᠤ᠂ | ᠵᠣᠬᠢᠶᠠᠨ ᠪᠦᠲᠦᠭᠡᠬᠦ᠂ ᠰᠢᠨ᠎ᠡ ᠶᠢ ᠡᠭᠦᠳᠬᠦ︾ 6 ᠵᠦᠢᠯ ᠤᠨ ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ | ᠥᠷᠭᠡᠳᠬᠡᠵᠦ᠂ ᠠᠮᠢᠳᠤᠯᠢᠭ ᠣᠯᠠᠨ ᠶᠠᠩᠵᠤ ᠶᠢᠨ ᠠᠷᠭ᠎ᠠ ᠬᠡᠮᠵᠢᠶ᠎ᠡ ᠠᠪᠴᠤ᠂ ᠣᠬᠤᠷ ᠠᠪᠰᠠᠷᠬᠠᠨ ᠴᠢᠨᠠᠷ ᠢ | ᠪᠣᠯᠪᠠᠰᠤᠷᠠᠭᠤᠯᠵᠤ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠤᠷᠠᠨ ᠰᠠᠶᠢᠬᠠᠨ ᠤ ᠲᠣᠭᠯᠠᠯᠲᠠ ᠭᠠᠷᠭᠠᠳᠠᠭ | ᠃ ᠮᠠᠯᠵᠢᠬᠤ ᠣᠷᠣᠨ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ᠂ ᠰᠤᠷᠭᠠᠭᠤᠯᠢ ᠶᠢᠨ ᠬᠦᠷᠢᠶ᠎ᠡ᠂ | ᠨᠠᠰᠤᠲᠠᠨ ᠢ ᠠᠰᠠᠷᠠᠬᠤ ᠬᠦᠷᠢᠶᠡᠯᠡᠩ ᠪᠣᠯᠤᠨ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠳᠤ ᠲᠣᠭᠯᠠᠯᠲᠠ | ᠭᠠᠷᠭᠠᠵᠤ᠂ ᠲᠠᠯᠠᠪᠤᠷ ᠭᠠᠵᠠᠷ ᠪᠣᠯᠤᠨ ᠴᠢᠮᠡᠭᠯᠡᠯ ᠤᠨ ᠬᠢᠵᠠᠭᠠᠷᠯᠠᠯ ᠢ ᠰᠢᠪᠲᠤᠯᠵᠤ᠂ ᠣᠷᠠᠨ ᠰᠠᠶᠢᠬᠠᠨ ᠤ ᠲᠠᠶᠢᠰᠠ ᠶᠢ | ᠮᠠᠯᠴᠢᠨ ᠲᠠᠷᠢᠶᠠᠴᠢᠨ ᠤ ᠬᠠᠵᠠᠭᠤ ᠳᠤ ᠪᠣᠰᠬᠠᠵᠠᠢ᠃ ᠡᠭᠦᠨ ᠤ ᠵᠡᠷᠭᠡ ᠳᠤ ︽ᠲᠠᠯ᠎ᠠ ᠨᠤᠲᠤᠭ ᠤᠨ ᠬᠤᠪᠢᠰᠬᠠᠯᠲᠤ | ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠦᠢᠯᠡᠳᠥᠯ ᠢ ᠢᠳᠡᠪᠬᠢᠲᠡᠶ ᠪᠠᠳᠠᠷᠠᠭᠤᠯᠬᠤ ᠶᠢᠨ ᠲᠥᠯᠥᠭᠡ | ᠂ ᠳᠠᠷᠬᠠᠨ ᠬᠤᠯᠪᠣᠭᠠᠲᠤ ᠮᠤᠤᠮᠢᠩᠭᠠᠨ ᠬᠤᠰᠢᠭᠤᠨ ᠤ ᠤᠯᠠᠭᠠᠨᠮᠥ᠋ᠴᠢᠷ ︽ᠬᠤᠪᠢᠰᠬᠠᠯ ᠤᠨ ᠨᠢᠯᠬ᠎ᠠ ᠨᠠᠬᠢᠶ᠎ᠠ︾ | ᠤᠯᠠᠭᠠᠨᠮᠥ᠋ᠴᠢᠷ ᠤᠨ ᠤᠷᠠᠯᠢᠭ ᠤᠨ ᠪᠣᠯᠪᠠᠰᠤᠷᠠᠯ ᠤᠨ ᠠᠩᠭᠢ ᠡᠷᠭᠢᠯᠡᠬᠦ᠂ ᠵᠢᠯ ᠪᠦᠷᠢ ᠬᠠᠪᠰᠤᠷᠤᠨ ᠵᠢᠯᠣᠭᠤᠳᠬᠤ | ᠪᠣᠯᠪᠠᠰᠤᠷᠠᠭᠤᠯᠤᠯ ᠤᠨ ᠲᠥᠯᠥᠪᠯᠡᠭᠡ ᠲᠣᠭᠲᠠᠭᠠᠬᠤ ᠵᠡᠷᠭᠡ ᠡᠯ᠎ᠡ ᠵᠦᠢᠯ ᠤᠨ ᠦᠢᠯᠡᠴᠢᠯᠡᠭᠡ ᠥᠷᠨᠢᠭᠦᠯᠪᠡ᠃ 2019 | ᠣᠨ ᠳᠤ ᠤᠷᠢᠳ ᠬᠤᠵᠢᠳ ︽ᠬᠠᠤᠯᠢᠵᠢᠯ ᠤᠨ ᠤᠯᠠᠭᠠᠨᠮᠥ᠋ᠴᠢᠷ︾ ︽ᠮᠥᠩᠭᠦᠨ ᠭᠦᠢᠯᠭᠡᠭᠡᠨ ᠤ ᠤᠯᠠᠭᠠᠨᠮᠥ᠋ᠴᠢᠷ︾ | ᠵᠡᠷᠭᠡ ᠲᠤᠭ ᠲᠡᠮᠳᠡᠭ ᠲᠣᠳᠣᠷᠬᠠᠶ ᠤᠬᠠᠭᠤᠯᠭ᠎ᠠ ᠶᠢᠨ ᠡᠩᠨᠡᠭᠡ ᠶᠢ ᠪᠠᠶᠢᠭᠤᠯᠵᠤ᠂ ᠲᠣᠭᠯᠠᠯᠲᠠ ᠶᠢᠨ ᠬᠤᠭᠤᠴᠠᠭᠠᠨ ᠳᠤ | ᠤᠬᠠᠭᠤᠯᠤᠨ ᠲᠠᠶᠢᠯᠪᠤᠷᠢᠯᠠᠭᠴᠢ ᠵᠡᠷᠭᠡ ᠠᠵᠢᠯ ᠢ ᠡᠭᠦᠷᠭᠡᠯᠡᠪᠡ᠃ ᠡᠭᠦᠨ ᠤ ᠬᠠᠮᠲᠤ᠂ ᠠᠷᠪᠠ ᠶᠢᠰᠦᠳᠦᠭᠡᠷ ᠶᠡᠭᠡ | ᠬᠤᠷᠠᠯ ᠤᠨ ᠵᠣᠷᠢᠭ ᠰᠠᠨᠠᠭ᠎ᠠ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠨᠠᠷᠢᠯᠢᠭ ᠣᠨᠣᠴᠠᠲᠠᠶ ᠪᠠᠷ | ᠶᠠᠳᠠᠭᠤ ᠶᠢ ᠲᠡᠳᠬᠦᠬᠦ ᠵᠡᠷᠭᠡ ᠰᠡᠳᠦᠪ ᠲᠠᠢ ᠬᠤᠯᠪᠣᠭᠳᠠᠭᠰᠠᠨ ᠣᠯᠠᠨ ᠵᠦᠢᠯ ᠤᠨ ᠬᠤᠯᠪᠣᠭ᠎ᠠ᠂ ᠳᠠᠭᠤᠤ᠂ ᠱᠤᠭ | ᠵᠦᠴᠦᠭᠡ᠂ ᠦᠵᠡᠭᠳᠡᠯᠲᠦ ᠵᠦᠴᠦᠭᠡ᠂ ᠡᠯ ᠷᠧᠨ ᠲᠠᠶᠢᠰᠠᠨ ᠤ ᠪᠦᠲᠦᠭᠡᠯ ᠢ ᠢᠳᠡᠪᠬᠢᠲᠡᠶ ᠵᠣᠬᠢᠶᠠᠨ ᠪᠦᠲᠦᠭᠡᠵᠦ᠂ | ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ ᠳᠠᠮᠵᠢᠭᠤᠯᠤᠨ᠂ ᠨᠠᠮ ᠪᠣᠯᠤᠨ ᠤᠯᠤᠰ ᠤᠨ | ᠲᠦᠷᠦ ᠶᠢᠨ ᠪᠤᠳᠤᠯᠭ᠎ᠠ ᠶᠢ ᠡᠭᠡᠯ ᠠᠷᠠᠳ ᠤᠨ ᠭᠡᠷ ᠲᠤ ᠤᠯᠠᠮᠵᠢᠯᠠᠵᠤ᠂ ︽ᠤᠯᠠᠨ ᠲᠦᠮᠡᠨ ᠤ ᠳᠤᠮᠳᠠ ᠬᠠᠨᠳᠤᠵᠤ᠂ | ᠤᠯᠠᠨ ᠲᠦᠮᠡᠨ ᠳᠤ ᠦᠨᠡᠨ ᠪᠣᠳᠠᠲᠠᠢ ᠦᠢᠯᠡᠴᠢᠯᠡᠬᠦ︾ ᠶᠢ ᠦᠨᠡᠨ ᠬᠦ ᠪᠡᠶᠡᠯᠡᠭᠦᠯᠪᠡ᠃ | 2020 ᠣᠨ ᠳᠤ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠴᠦ᠂ | ᠳᠡᠭᠡᠳᠥ ᠱᠠᠲᠤᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠤᠯᠠᠭᠠᠨᠮᠥ᠋ᠴᠢᠷ ︽ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠲᠥᠰᠦᠯ︾ ᠢ ᠲᠣᠭᠲᠠᠭᠠᠵᠤ᠂ ᠠᠯᠢᠪᠠ ᠲᠣᠭᠯᠠᠯᠲᠠ ᠶᠢᠨ ᠠᠵᠢᠯᠯᠠᠭ᠎ᠠ ᠶᠢ ᠳᠥᠷ ᠵᠤᠭᠰᠤᠪᠠ᠃ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠠᠩᠭᠢ ᠶᠢᠨ ᠵᠢᠵᠢᠭᠦᠷᠯᠡᠭᠴᠢ ᠲᠣᠬᠢᠷᠠᠭᠤᠯᠵᠤ᠂ ᠨᠢᠭᠡ ᠲᠠᠯ᠎ᠠ ᠪᠠᠷ ᠪᠦᠦ | ᠯᠢᠶᠠᠨ ᠪᠠᠭ᠎ᠠ ᠲᠣᠭᠤᠷᠢᠭ ᠲᠤ ᠵᠢᠵᠢᠭᠦᠷᠯᠡᠨ ᠰᠠᠬᠢᠵᠤ᠂ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ | ᠬᠥᠩᠭᠡᠨ ᠮᠣᠷᠢᠲᠤ ᠴᠡᠷᠢᠭ ᠤᠨ ᠦᠢᠯᠡᠳᠦᠯ ᠢ ᠪᠠᠳᠠᠷᠠᠭᠤᠯᠵᠥ᠂ ︽ ᠰᠦᠯᠵᠢᠶᠡᠨ ᠳᠡᠭᠡᠷᠡᠬᠢ ᠤᠯᠠᠭᠠᠨᠮᠥ᠋ᠴᠢᠷ︾ ᠢ | ᠪᠦᠬᠦ ᠲᠠᠯ᠎ᠠ ᠪᠠᠷ ᠰᠠᠶᠢᠲᠤᠷ ᠬᠢᠵᠦ᠂ ᠭᠡᠷ ᠲᠡᠭᠡᠨ ᠵᠣᠬᠢᠶᠠᠨ ᠪᠦᠲᠦᠭᠡᠬᠦ ᠠᠵᠢᠯ ᠬᠢᠵᠦ᠂ ᠳᠠᠭᠤ ᠰᠢᠩᠭᠡᠭᠡᠬᠦ | ᠰᠠᠷᠠᠪᠴᠢᠨ ᠳᠤ ᠪᠦᠯᠦᠭ ᠤᠳᠠᠭ᠎ᠠ ᠬᠤᠪᠢᠶᠠᠨ ᠰᠢᠩᠭᠡᠭᠡᠨ ᠦᠢᠯᠡᠳᠬᠦ ᠠᠵᠢᠯ ᠢᠶᠠᠨ ᠶᠠᠪᠤᠭᠳᠠᠭᠤᠯᠪᠠ᠃ ︽ | ᠡᠪᠡᠳᠴᠢᠨ ᠤ ᠮᠠᠩᠭᠤᠰ ᠢ ᠶᠡᠭᠡᠳᠡ ᠢᠯᠠᠭᠰᠠᠨ ᠨᠢ︾ ︵ᠮᠣᠩᠭᠤᠯ ᠦᠭᠡ︶᠂ ︽ᠬᠠᠮᠲᠤ ᠪᠠᠷ ᠬᠦᠴᠦ ᠪᠠᠨ | ᠬᠠᠮᠳᠤᠳᠬᠠᠨ᠂ ᠡᠪᠡᠳᠴᠢᠨ ᠤ ᠴᠢᠳᠭᠦᠷ ᠢ ᠥᠯᠳᠡᠵᠥ ᠶᠠᠪᠤᠭᠤᠯᠤᠶ᠎ᠠ︾ ︵ᠮᠣᠩᠭᠤᠯ ᠦᠭᠡ︶ ᠵᠡᠷᠭᠡ ᠬᠤᠯᠪᠤᠭ᠎ᠠ᠂ | ︽ᠢᠲᠡᠭᠡᠯ︾᠂ ︽ᠪᠠᠲᠤ ᠢᠳᠡᠭᠡᠯ︾ ︵ᠮᠣᠩᠭᠤᠯ ᠦᠭᠡ︶᠂ ︽ᠴᠠᠭᠠᠨ ᠬᠤᠪᠴᠠᠰᠤᠲᠤ ᠠᠨᠴᠢᠯ ᠴᠢᠮ᠎ᠠ ᠳᠤ | ᠢᠷᠦᠭᠡᠯ ᠳᠡᠪᠰᠢᠭᠦᠯᠦᠶ᠎ᠡ︾ ︵ᠮᠣᠩᠭᠤᠯ ᠦᠭᠡ︶ ᠵᠡᠷᠭᠡ ᠳᠠᠭᠤᠤ᠂ ︽ᠬᠢᠵᠢᠭ ᠢ ᠰᠡᠷᠭᠡᠶᠢᠯᠡᠬᠦ ᠠᠵᠢᠯᠯᠠᠭ᠎ᠠ | ᠦᠷᠭᠦᠯᠵᠢᠯᠡᠵᠥ ᠪᠤᠢ︾ ︵ᠮᠣᠩᠭᠤᠯ ᠦᠭᠡ︶ ᠭᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠦᠵᠡᠭᠳᠡᠯᠲᠦ ᠵᠦᠴᠦᠭᠡ᠂ ︽ᠬᠢᠵᠢᠭ ᠤᠨ ᠪᠠᠶᠢᠳᠠᠯ ᠢ ᠡᠰᠡᠷᠭᠦᠴᠡᠨ ᠳᠣᠭᠤᠯᠣᠶᠠ︾ ︵ᠮᠣᠩᠭᠤᠯ ᠦᠭᠡ᠊︶ ᠭᠡᠬᠦ | ᠦᠵᠡᠭᠳᠡᠯᠲᠦ ᠵᠦᠴᠦᠭᠡ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠮᠦᠨ᠎ᠡ ᠹᠷᠣᠨᠲ ᠤᠨ ᠠᠵᠢᠯᠲᠠᠨ | ᠢ ᠮᠠᠭᠳᠠᠨ ᠳᠠᠭᠤᠯᠤᠭᠰᠠᠨ ᠵᠢᠴᠢ ᠤᠬᠠᠭᠤᠯᠭ᠎ᠠ ᠬᠥᠮᠦᠵᠢᠯ ᠤᠨ ᠠᠵᠢᠯ ᠢ ᠬᠡᠷᠬᠢᠨ ᠰᠠᠶᠢᠲᠤᠷ ᠬᠢᠭᠦ ᠰᠡᠳᠥᠪᠳᠥ ᠠᠯᠢ | ᠣᠯᠠᠨ ᠪᠦᠲᠦᠭᠡᠯ ᠢ ᠵᠣᠬᠢᠶᠠᠨ ᠪᠥᠳᠥᠭᠡᠵᠥ᠂ ᠣᠯᠠᠨ ᠶᠠᠩᠵᠤ ᠶᠢᠨ ᠤᠷᠠᠯᠢᠭ ᠤᠨ ᠲᠣᠭᠯᠠᠯᠲᠠ ᠪᠠᠷ ᠳᠠᠮᠵᠢᠨ᠂ | ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠷᠠᠳ ᠣᠯᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ | ᠪᠦᠬᠦ ᠨᠡᠶᠢᠭᠡᠮ ᠢᠶᠠᠷ ᠢᠶᠠᠨ ᠬᠢᠵᠢᠭ ᠤᠨ ᠪᠠᠶᠢᠳᠠᠯ ᠢ ᠬᠠᠮᠲᠤᠪᠠᠷ ᠡᠰᠡᠷᠭᠦᠴᠡᠵᠦ᠂ ᠴᠠᠭ ᠤᠨ ᠬᠦᠴᠢᠷ ᠢ ᠬᠠᠮᠲᠤᠪᠠᠷ | ᠲᠤᠭᠤᠯᠬᠤ ᠶᠢ ᠤᠷᠢᠶᠠᠯᠠᠵᠠᠶ᠃ | ᠳᠠᠷᠬᠠᠨ ᠮᠤᠤᠮᠢᠩᠭᠠᠨ ᠬᠤᠯᠪᠣᠭᠠᠳᠥ ᠬᠤᠰᠢᠭᠤᠨ ᠤ ᠤᠯᠠᠭᠠᠨᠮᠥ᠋ᠴᠢᠷ ᠨᠢ ᠪᠠᠶᠢᠭᠤᠯᠤᠭᠰᠠᠨ 60 ᠵᠢᠯ ᠤᠨ | ᠤᠢ ᠶᠢᠨ ᠰᠢᠨ᠎ᠡ ᠡᠬᠢᠯᠡᠯᠲᠡ ᠶᠢᠨ ᠴᠡᠭ ᠳᠡᠭᠡᠷ᠎ᠡ᠂ ︽ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ | ᠤᠷᠠᠯᠢᠭ ᠤᠨ ᠬᠦᠡᠭᠭᠡᠨ ᠮᠣᠷᠢᠲᠤ ᠴᠡᠷᠢᠭ︾ ᠪᠣᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠨᠠᠮ ᠤᠨ ᠲᠠᠭᠤᠨ ᠢ | ᠤᠯᠠᠮᠵᠢᠯᠠᠬᠤ᠂ ᠪᠣᠯᠪᠠᠰᠤᠨ ᠬᠡᠪ ᠰᠤᠷᠲᠠᠯ ᠢ ᠳᠠᠮᠵᠢᠭᠤᠯᠬᠤ ᠶᠠᠪᠤᠴᠠ ᠳᠤ ᠦᠢᠯᠡᠳᠥᠯ ᠢᠶᠠᠨ ᠦᠷᠭᠦᠯᠵᠢᠯᠡᠨ | ᠢᠳᠡᠪᠬᠢᠲᠡᠶ ᠪᠠᠳᠠᠷᠠᠭᠤᠯᠵᠤ᠂ ᠡᠨᠡ ᠬᠦ ᠦᠵᠡᠮᠵᠢ ᠶᠢᠨ ᠣᠷᠣᠨ ᠨᠢ ᠰᠢᠨ᠎ᠡ ᠴᠠᠭ ᠦᠶ᠎ᠡ ᠶᠢᠨ ᠳᠠᠷᠬᠠᠨ ᠮᠤᠤᠮᠢᠩᠭᠠᠨ | ᠲᠠᠯ᠎ᠠ ᠨᠤᠲᠤᠭ ᠲᠤ ᠨᠡᠩ ᠤᠯᠠᠨ ᠦᠵᠡᠰᠬᠦᠯᠡᠩᠲᠦ ᠰᠠᠶᠢᠬᠠᠨ᠂ ᠨᠡᠩ ᠤᠯᠠᠨ ᠳᠤᠯᠠᠭᠠᠨ ᠤᠷᠤᠰᠬᠠᠯ ᠨᠡᠮᠡᠷᠢᠯᠡᠬᠦ ᠨᠢ | ᠯᠠᠪᠲᠠᠢ ᠶᠤᠮ᠃ | | | | | | | | | | | |