ᠤᠯᠠᠭᠠᠨᠮᠥ᠋ᠴᠢᠷ ᠤᠨ ᠬᠢᠨ ᠴᠡᠷᠢᠭ ᠤᠨ ᠬᠥᠷᠢᠶᠡᠨ ᠳᠤ ᠬᠥᠷᠴᠤ᠂ ᠤᠷᠠᠨ ᠰᠠᠶᠢᠬᠠᠨ ᠤ ᠳᠣᠭᠯᠠᠯᠳᠡ ᠭᠠᠷᠭᠠᠪᠠ
ᠨᠡᠶᠢᠲᠡᠯᠡᠭᠰᠡᠨ ᠴᠠᠭ᠄
2020-08-01
     ᠳᠤᠮᠳᠠᠳᠤ ᠤᠯᠤᠰ ᠠᠴᠠ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 93 ᠵᠢᠯ ᠤᠨ ᠤᠢ ᠶᠢᠨ ᠲᠠᠰᠢᠷᠠᠮ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢᠳ 7 ᠰᠠᠷ᠎ᠠ ᠶᠢᠨ 31 ᠤ ᠡᠳᠦᠷ᠂ ᠬᠢᠯᠢ ᠳᠤ  ᠰᠠᠭᠤᠭ᠎ᠠ ᠴᠡᠷᠢᠭ ᠠᠩᠭᠢ ᠳᠤ ᠲᠣᠬᠤᠨᠢᠭᠤᠯᠬᠤ ᠲᠣᠭᠯᠠᠯᠲᠠ ᠭᠠᠷᠭᠠᠪᠠ᠃
     ᠠᠭᠠᠭᠢᠮ᠎ᠠ ᠬᠠᠯᠠᠭᠤᠨ ᠵᠤᠨ ᠤ ᠨᠠᠷᠠ ᠬᠢᠯᠢ ᠳᠤ  ᠰᠠᠭᠤᠭ᠎ᠠ ᠳᠠᠷᠤᠭ᠎ᠠ ᠪᠠᠶᠢᠯᠳᠤᠭᠴᠢᠳ ᠪᠣᠯᠤᠨ ᠤᠯᠠᠭᠠᠨᠮᠥ᠋ᠴᠢᠷ ᠤᠨ ᠲᠣᠭᠯᠠᠭᠴᠢᠳ ᠤᠨ ᠬᠠᠯᠠᠭᠤᠨ ᠰᠡᠳᠬᠢᠯᠭᠡ ᠶᠢ ᠬᠠᠯᠬᠠᠯᠠᠵᠤ ᠳᠡᠶᠢᠯᠬᠦ ᠦᠭᠡᠢ᠂ ᠪᠥᠵᠢᠭ ︽ᠵᠢᠷᠤᠭ᠎ᠠ ᠮᠣᠷᠢ︾᠂ ᠮᠣᠷᠢᠨ ᠬᠤᠭᠤᠷ ᠤᠨ ᠭᠥᠭᠵᠢᠮ ︽ᠵᠢᠷᠤᠭ᠎ᠠ ᠮᠣᠷᠢ︾ ᠂ ᠶᠠᠩᠴᠢᠨ ᠤ ᠭᠤᠴᠤᠯᠠᠯ ᠭᠥᠭᠵᠢᠮ ︽ᠬᠠᠷ᠎ᠠ ᠠᠵᠢᠨᠠᠶ ᠬᠦᠯᠦᠭ︾᠂ ᠬᠥᠥᠮᠠᠢ ︽ᠨᠤᠲᠤᠭ︾ ᠪᠣᠯᠤᠨ ᠭᠤᠴᠣᠯᠠᠯ ᠳᠠᠭᠤᠤ ︽ᠮᠣᠩᠭᠤᠯ ᠮᠣᠷᠢ︾ ᠵᠡᠷᠭᠡ ᠪᠠᠶᠠᠯᠢᠭ ᠰᠠᠶᠢᠬᠠᠨ ᠲᠣᠭᠯᠠᠯᠲᠠ ᠨᠢ ᠳᠠᠷᠤᠭ᠎ᠠ ᠪᠠᠶᠢᠯᠳᠤᠭᠴᠢᠳ ᠲᠤ ᠨᠢᠭᠡ ᠤᠳᠠᠭᠠᠨ ᠤ ᠬᠠᠷᠠᠭᠠᠨ ᠰᠡᠷᠡᠯ ᠤᠨ ᠦᠪᠡᠳᠡᠭᠰᠢ ᠨᠠᠶᠢᠷ ᠠᠪᠴᠢᠷᠠᠪᠠ᠃
     ᠬᠢᠯᠢ ᠳᠤ ᠰᠠᠭᠤᠭ᠎ᠠ ᠳᠠᠷᠤᠭ᠎ᠠ ᠪᠠᠶᠢᠯᠳᠤᠭᠴᠢᠳ ᠪᠠᠰᠠ ᠲᠣᠭᠯᠠᠭᠴᠢᠳ ᠲᠠᠢ ᠬᠠᠮᠲᠤ ᠲᠣᠭᠯᠠᠯᠲᠠ ᠭᠠᠷᠭᠠᠵᠤ᠂ ︽ᠠᠷᠠᠳ ᠤᠨ ᠴᠡᠷᠢᠭ ᠠᠩᠭᠢ ᠨᠠᠮ ᠳᠠᠭᠠᠨ ᠦᠨᠡᠨᠴᠢ︾ ᠪᠠ ᠦᠱᠦ ᠶᠢᠨ ᠲᠣᠭᠯᠠᠯᠲᠠ ᠨᠢ ᠬᠥᠮᠥᠰ ᠤᠨ ᠰᠠᠶᠢᠰᠢᠶᠠᠯ  ᠢ ᠤᠯᠪᠠ᠃
     ᠭᠤᠶᠢᠳᠡ ᠰᠠᠶᠢᠬᠠᠨ ᠲᠣᠭᠯᠠᠯᠲᠠ ᠨᠢ ᠬᠢᠯᠢ ᠳᠤ ᠰᠠᠭᠤᠭ᠎ᠠ ᠳᠠᠷᠤᠭ᠎ᠠ ᠪᠠᠶᠢᠯᠳᠤᠭᠴᠢᠳ ᠲᠤ ᠪᠠᠶᠠᠷ ᠪᠠᠭ᠋ᠠᠳᠤᠯ ᠠᠪᠴᠢᠷᠠᠵᠤ᠂ ᠳᠡᠳᠡᠨ ᠤ ᠡᠷᠴᠢ ᠵᠣᠷᠢᠭ ᠢ ᠬᠥᠪᠴᠢᠯᠡᠵᠦ᠂ ᠴᠡᠷᠢᠭ ᠠᠷᠠᠳ ᠢᠶᠠᠨ ᠬᠠᠶᠢᠷᠠᠯᠠᠬᠤ᠂ ᠠᠷᠠᠳ ᠴᠡᠷᠢᠭ  ᠢᠶᠠᠨ ᠬᠥᠷᠢᠶᠡᠯᠡᠬᠦ᠂ ᠴᠡᠷᠢᠭ ᠠᠷᠠᠳ ᠪᠥᠯᠭᠦᠮᠳᠡᠨ ᠨᠢᠭᠲᠠᠷᠠᠭᠰᠠᠨ ᠨᠢᠭᠡ ᠭᠡᠷ ᠤᠨ ᠪᠤᠯᠬᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠭᠥᠢᠴᠡᠳ ᠢᠯᠡᠷᠡᠭᠦᠯᠵᠡᠢ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号