ᠯᠢᠦ ᠬᠠᠶ ᠴᠢᠤᠸᠠᠨ︽ᠨᠠᠢᠮᠠᠨ ᠰᠠᠷ᠎ᠠ ᠶᠢᠨ ᠨᠢᠭᠡᠨ︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2020-08-01
     ︽ᠨᠠᠢᠮᠠᠨ ᠰᠠᠷ᠎ᠠ ᠶᠢᠨ ᠨᠢᠭᠡᠨ︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 7 ᠰᠠᠷ᠎ᠠ ᠶᠢᠨ 29 ᠤ ᠦᠳᠡ ᠡᠮᠦᠨ᠎ᠡ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠴᠢᠤᠸᠠᠨ ᠬᠤᠰᠢᠭᠤᠨ ᠤ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠭᠠᠯ ᠣᠨᠳᠠᠷᠠᠭᠠᠬᠤ ᠶᠡᠭᠡ ᠠᠩᠭᠢ ᠪᠣᠯᠤᠨ ᠭᠠᠯ ᠤᠨᠲᠠᠷᠠᠭᠠᠬᠤ ᠳᠤᠮᠳᠠ ᠠᠩᠭᠢ ᠳᠤ ᠭᠦᠨᠵᠡᠭᠡᠶᠢᠷᠡᠨ᠂ ᠥᠷᠭᠡᠨ ᠣᠯᠠᠨ ᠵᠡᠪᠰᠡᠭᠲᠦ ᠴᠠᠭᠳᠠᠭᠠᠨ ᠤ ᠳᠠᠷᠤᠭ᠎ᠠ ᠪᠠᠶᠢᠯᠳᠤᠭᠴᠢ ᠪᠣᠯᠤᠨ ᠭᠠᠯ ᠤᠨᠲᠠᠷᠠᠭᠠᠭᠴᠢᠳ ᠢ ᠳᠣᠲᠣᠨᠣ ᠪᠠᠷ ᠲᠣᠬᠤᠨᠢᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠢ ᠲᠥᠯᠥᠭᠡᠯᠡᠨ ᠲᠡᠳᠡᠨ ᠳᠤ ᠪᠠᠶᠠᠷ ᠤᠨ ᠡᠳᠦᠷ ᠤᠨ ᠮᠡᠨᠳᠥ ᠬᠦᠷᠭᠡᠵᠦ᠂ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠡᠶ᠃
     ᠨᠢᠭᠡ ᠭᠠᠵᠠᠷ ᠬᠦᠷᠬᠦ ᠪᠦᠷᠢ᠂ ᠯᠢᠦ ᠬᠠᠢ ᠴᠢᠤᠸᠠᠨ ᠳᠠᠷᠤᠭ᠎ᠠ ᠪᠠᠶᠢᠯᠳᠤᠭᠴᠢᠳ ᠲᠠᠢ ᠨᠢᠭᠡ ᠨᠢᠭᠡ ᠪᠠᠷ ᠭᠠᠷ ᠠᠳᠬᠤᠵᠤ᠂ ᠳᠣᠲᠣᠨᠣ ᠪᠠᠷ ᠶᠠᠷᠢᠯᠴᠠᠵᠤ᠂ ᠳᠠᠷᠤᠭ᠎ᠠ ᠪᠠᠶᠢᠯᠳᠤᠭᠴᠢᠳ ᠤᠨ ᠡᠳᠦᠷ ᠲᠤᠲᠤᠮ ᠤᠨ ᠪᠣᠯᠪᠠᠰᠤᠷᠠᠯ᠂ ᠳᠠᠶᠢᠨ ᠤ ᠪᠡᠯᠡᠳᠬᠡᠯ ᠪᠠ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠤ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠦᠶᠡᠷ ᠲᠠᠢ ᠲᠡᠮᠡᠴᠡᠵᠦ ᠠᠶᠤᠯ ᠭᠠᠮᠰᠢᠭ ᠠᠴᠠ ᠠᠪᠤᠷᠠᠬᠤ ᠵᠡᠷᠭᠡ ᠲᠠᠯ᠎ᠠ ᠪᠠᠷ ᠢᠮᠠᠭᠲᠠ ᠭᠠᠷᠭᠠᠭᠰᠠᠭᠠᠷ ᠢᠷᠡᠭᠰᠡᠨ ᠲᠤᠪᠤᠶᠢᠮ᠎ᠠ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠵᠡᠢ᠃
     ᠯᠢᠦ ᠬᠠᠶ ᠴᠢᠤᠸᠠᠨ ᠳᠠᠷᠤᠭ᠎ᠠ ᠪᠠᠶᠢᠯᠳᠤᠭᠴᠢᠳ ᠢ ᠶᠡᠷᠦᠩᠬᠡᠶ ᠱᠦᠵᠢ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯᠯᠠᠭᠴᠢ ᠶᠢ ᠡᠷᠡᠰ ᠬᠠᠮᠠᠭᠠᠯᠠᠵᠤ᠂ ᠨᠠᠮ ᠤᠨ ᠵᠢᠯᠣᠭᠤᠳᠣᠯᠭ᠎ᠠ ᠶᠢ ᠡᠷᠡᠰ ᠳᠠᠭᠠᠭᠠᠬᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠳᠡ ᠶᠢ ᠢᠳᠡᠪᠬᠢᠲᠡᠶ ᠳᠡᠮᠵᠢᠵᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠠᠶᠢᠭᠤᠯᠬᠤ ᠳᠤ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠨᠠᠶᠢᠳᠠᠵᠠᠢ᠃ ᠡᠯ᠎ᠡ ᠭᠠᠵᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠮᠠᠨ ᠤ ᠬᠤᠰᠢᠭᠤᠨ ᠤ ᠴᠡᠷᠢᠭ ᠢᠶᠠᠨ ᠬᠥᠷᠢᠶᠡᠯᠡᠨ᠂ ᠭᠡᠷ ᠪᠦᠯᠢ ᠶᠢ ᠬᠠᠷᠠᠭᠠᠯᠵᠠᠬᠤ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ‌‍ᠪᠠᠶᠢᠭᠤᠯᠤᠯᠳᠡ ᠶᠢ ᠬᠠᠯᠠᠮᠵᠢᠯᠠᠨ ᠳᠠᠮᠵᠢᠵᠤ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠠᠵᠢᠯ ᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠴᠡᠷᠢᠭ ᠵᠠᠰᠠᠭ᠂ ᠴᠡᠷᠢᠭ ᠠᠷᠠᠳ ᠤᠨ ᠪᠦᠯᠬᠦᠮᠳᠡᠯ ᠤᠨ ᠶᠡᠭᠡ ᠰᠠᠶᠢᠨ ᠪᠠᠶᠢᠳᠠᠯ ᠢ ᠲᠠᠰᠤᠷᠠᠯᠳᠠ ᠦᠭᠡᠢ ᠪᠠᠬᠢᠵᠢᠭᠦᠯᠦᠨ ᠭᠥᠭᠵᠢᠭᠦᠯᠬᠦ ᠶᠢ ᠤᠷᠢᠶᠠᠯᠠᠵᠠᠢ᠃      ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠶᠠᠩ ᠶᠠᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠪᠠᠷ᠎ᠠ ᠪᠣᠯᠵᠣ ᠲᠣᠬᠤᠨᠢᠭᠤᠯᠪᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号