2020 ᠤᠨ ᠤ8 ᠰᠠᠷ᠎ᠠ ᠶᠢᠨ2 ᠤ ᠡᠳᠥᠷ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠡᠷᠡᠭᠦᠯ | ᠬᠠᠮᠠᠭᠠᠯᠠᠯ ᠤᠨ ᠵᠥᠪᠯᠡᠯ ᠤᠨ ᠮᠡᠳᠡᠭᠦᠯᠥᠭᠰᠡᠨ ᠢᠶᠠᠷ᠂ ᠰᠢᠪᠡᠷᠭᠦᠷᠢᠶ᠎ᠡ ᠪᠠᠯᠭᠠᠰᠤᠨ ᠤ ᠥᠨᠳᠥᠷ ᠪᠤᠯᠤᠩ ᠳᠤᠰᠬᠤᠨ ᠤ | ᠰᠡᠭᠦᠵᠢ ᠰᠢᠨ᠎ᠡ ᠳᠤᠰᠬᠤᠨ ᠳᠤ ᠨᠢᠭᠡ ᠬᠥᠮᠥᠨ ᠠᠳᠡᠭᠰᠡᠨ ᠡᠪᠡᠳᠴᠢᠨ ᠤ ᠵᠢᠱᠢᠶ᠎ᠡ ᠭᠠᠷᠴᠠᠢ᠃ ᠥᠪᠡᠷᠳᠡᠭᠡᠨ ᠵᠠᠰᠠᠬᠤ | ᠤᠷᠤᠨ᠂ ᠪᠤᠭᠤᠳᠥ ᠬᠤᠳᠠ ᠶᠢᠨ ᠬᠢᠵᠢᠭ ᠢ ᠰᠡᠷᠭᠡᠶᠢᠯᠡᠨ ᠡᠵᠡᠮᠳᠡᠭᠦ ᠳᠥᠪ ᠤᠨPCR ᠪᠥᠭᠡᠮ ᠬᠥᠴᠢᠯ ᠤᠨ | ᠪᠠᠶᠢᠴᠠᠭᠠᠨ ᠬᠡᠮᠵᠢᠯᠳᠡ ᠶᠢᠨ ᠳ᠋ᠦᠩ ᠳᠤ ᠠᠷᠭ᠎ᠠ ᠴᠢᠨᠠᠷᠳᠠᠢ ᠪᠠᠶᠢᠵᠤ᠂ ᠥᠪᠡᠷᠳᠡᠭᠡᠨ ᠵᠠᠰᠠᠬᠤ ᠤᠷᠤᠨ ᠤ | ᠶᠡᠷᠥᠩᠭᠡᠶᠢᠯᠡᠭᠰᠡᠨ ᠬᠢᠵᠢᠭ ᠢ ᠰᠡᠷᠭᠡᠶᠢᠯᠡᠨ ᠡᠵᠡᠮᠳᠡᠭᠦ ᠳᠥᠪ ᠤᠨ ᠭᠧᠨ ᠤ ᠬᠡᠮᠵᠢᠯᠳᠡ ᠶᠢᠨ ᠳᠡᠰ ᠳᠠᠷᠠᠭᠠᠯᠠᠯ ᠤᠨ | ᠰᠢᠯᠭᠠᠨ ᠪᠠᠶᠢᠴᠠᠭᠠᠯᠳᠠ ᠪᠠᠷ ᠬᠤᠯᠤᠭᠠᠨ᠎ᠠ ᠶᠢᠨ ᠬᠢᠵᠢᠭ ᠢᠶᠠᠷ ᠮᠠᠭᠠᠳᠯᠠᠵᠤ᠂8 ᠰᠠᠷ᠎ᠠ ᠶᠢᠨ6 ᠤ ᠡᠳᠥᠷ᠂ ᠬᠤᠳᠠ᠂ | ᠬᠤᠰᠢᠭᠤ ᠬᠤᠶᠠᠷ ᠱᠠᠳᠣᠨ ᠤ ᠡᠮᠴᠢᠯᠡᠭᠡᠨ ᠤ ᠳᠤᠰᠬᠠᠢ ᠮᠡᠷᠭᠡᠵᠢᠯᠳᠡᠨ ᠤ ᠳᠤᠭᠤᠶᠢᠯᠠᠩ ᠳᠠᠬᠤᠯ ᠡᠪᠡᠳᠴᠢᠨ ᠤ | ᠰᠣᠳᠣᠯᠣᠯ ᠤᠨ ᠪᠠᠶᠢᠴᠠᠭᠠᠯᠳᠠ ᠶᠢᠨ ᠮᠠᠲ᠋ᠧᠷᠢᠶᠠᠯ᠂ ᠤᠳᠠᠰᠤ ᠪᠠᠷ ᠡᠪᠡᠳᠴᠢᠳᠡᠨ ᠲᠠᠢ ᠨᠢᠭᠳᠠ ᠬᠠᠷᠢᠴᠠᠭᠰᠠᠨ ᠬᠥᠮᠥᠰ | ᠪᠠ ᠳᠣᠷᠰᠢᠯᠳᠠ ᠶᠢᠨ ᠳᠠᠰᠤᠭ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠯᠠᠪᠯᠠᠨ ᠠᠰᠠᠭᠤᠵᠥ᠂ ᠬᠠᠮᠳᠤᠷᠠᠨ | ᠤᠨᠤᠰᠢᠯᠠᠵᠤ ᠡᠪᠡᠳᠴᠢᠳᠡᠨ ᠢ ᠬᠡᠳᠡᠰᠥᠨ ᠤ ᠬᠡᠯᠪᠡᠷᠢ ᠶᠢᠨ ᠬᠤᠯᠤᠭᠠᠨ᠎ᠠ ᠶᠢᠨ ᠬᠢᠵᠢᠭ ᠭᠡᠵᠤ ᠤᠨᠤᠰᠢᠯᠠᠨ | ᠳᠤᠭᠳᠠᠭᠠᠵᠤ᠂ ᠥᠭᠦᠭᠰᠡᠨ ᠰᠢᠯᠳᠠᠭᠠᠨ ᠨᠢ ᠪᠠᠶ᠎ᠠ ᠶᠢᠨ ᠤᠷᠴᠢᠯ ᠤᠨ ᠰᠢᠰᠲ᠋ᠧᠮ ᠮᠠᠭᠤᠳᠠᠭᠰᠠᠨ ᠠᠴᠠ ᠪᠤᠯᠵᠠᠢ ᠬᠡᠵᠥ | ᠳᠤᠳᠤᠯᠠᠪᠠ᠃ | ︽ᠥᠪᠡᠷᠳᠡᠭᠡᠨ ᠵᠠᠰᠠᠬᠤ ᠤᠷᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠭᠦ ᠪᠠᠴᠢᠮ ᠪᠠᠶᠢᠳᠠᠯ | ᠢ ᠠᠷᠭᠠᠴᠠᠬᠤ ᠪᠡᠯᠡᠳᠬᠡᠯ ᠳᠥᠰᠥᠪ ︵2020 ᠤᠨ ᠤ ᠬᠡᠪᠯᠡᠯ︶︾ ︵ᠥᠪᠥᠷ ᠵᠠᠰᠠᠭ ᠤᠨ ᠠᠯᠪᠠᠨ ᠠᠴᠠ | ᠳᠠᠷᠬᠠᠭᠠᠭᠰᠠᠨ〔2020〕17 ᠳ᠋ᠤᠭᠠᠷ ᠳᠣᠭᠠᠳᠥ︶ ᠪᠤᠯᠤᠨ ︽ᠥᠪᠡᠷᠳᠡᠭᠡᠨ ᠵᠠᠰᠠᠬᠤ ᠤᠷᠤᠨ ᠤ ᠬᠤᠯᠤᠭᠠᠨ᠎ᠠ | ᠶᠢᠨ ᠬᠢᠵᠢᠭ ᠤᠨ ᠪᠠᠶᠢᠳᠠᠯ ᠤᠷᠢᠳᠴᠢᠯᠠᠨ ᠰᠡᠷᠡᠮᠵᠢᠯᠡᠭᠦᠯᠬᠦ ᠬᠡᠷᠡᠭᠵᠢᠭᠦᠯᠬᠦ ᠳᠥᠰᠥᠯ︾ ︵ᠥᠪᠥᠷ ᠮᠤᠩᠭᠤᠯ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠭᠦ ᠪᠠᠴᠢᠮ ᠪᠠᠶᠢᠳᠠᠯ ᠢ ᠠᠷᠭᠠᠴᠠᠬᠤ〔2020〕7 ᠳ᠋ᠤᠭᠠᠷ | ᠳᠣᠭᠠᠳᠥ︶ ᠤᠨ ᠱᠠᠭᠠᠷᠳᠠᠯᠭ᠎ᠠ᠂ ᠡᠳᠥᠭᠡ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠭᠦ ᠭᠤᠷᠪᠠᠳᠤᠭᠠᠷ ᠳᠡᠰ | ᠤᠨ ᠰᠡᠷᠡᠮᠵᠢᠯᠡᠭᠦ ᠴᠢᠬᠤᠯᠠ ᠮᠡᠳᠡᠭᠳᠡᠯ ᠢ ᠨᠡᠶᠢᠳᠡᠯᠡᠶ᠎ᠡ᠄ | ᠰᠡᠷᠡᠮᠵᠢᠯᠡᠭᠦ ᠳᠡᠰ᠄ ᠭᠤᠷᠪᠠᠳᠤᠭᠠᠷ ᠳᠡᠰ᠃2020 ᠤᠨ ᠤ8 ᠰᠠᠷ᠎ᠠ ᠶᠢᠨ6 ᠤ ᠡᠳᠥᠷ ᠠᠴᠠ ᠡᠬᠢᠯᠡᠨ | ᠤᠷᠢᠳᠴᠢᠯᠠᠨ ᠰᠡᠷᠡᠮᠵᠢᠯᠡᠭᠦ ᠬᠤᠭᠤᠴᠠᠭᠠᠨ ᠳᠤ ᠤᠷᠤᠵᠥ᠂ ᠤᠷᠢᠳᠴᠢᠯᠠᠨ ᠰᠡᠷᠡᠮᠵᠢᠯᠡᠭᠦ ᠴᠠᠭ ᠢ ᠳᠤᠰ ᠤᠷᠢᠳᠴᠢᠯᠠᠨ | ᠰᠡᠷᠡᠮᠵᠢᠯᠡᠭᠦ ᠮᠡᠳᠡᠭᠡ ᠶᠢ ᠨᠡᠶᠢᠳᠡᠯᠡᠭᠰᠡᠨ ᠡᠳᠥᠷ ᠠᠴᠠ2020 ᠤᠨ ᠤ ᠡᠴᠥᠰ ᠪᠤᠯᠳᠠᠯ᠎ᠠ ᠥᠷᠭᠦᠯᠵᠢᠯᠡᠨ᠎ᠡ᠃ | ᠥᠪᠥᠷ ᠵᠠᠰᠠᠭ ᠤᠨ ᠠᠯᠪᠠᠨ ᠠᠴᠠ ᠳᠠᠷᠬᠠᠭᠠᠭᠰᠠᠨ ︽ᠥᠪᠡᠷᠳᠡᠭᠡᠨ ᠵᠠᠰᠠᠬᠤ ᠤᠷᠤᠨ ᠤ ᠬᠤᠯᠤᠭᠠᠨ᠎ᠠ ᠶᠢᠨ | ᠬᠢᠵᠢᠭ ᠢ ᠰᠡᠷᠭᠡᠶᠢᠯᠡᠨ ᠡᠵᠡᠮᠳᠡᠭᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠳᠥᠰᠥᠪ ︵2020 ᠤᠨ ᠤ ᠬᠡᠪᠯᠡᠯ︶ | ︾ ︵ᠥᠪᠥᠷ ᠵᠠᠰᠠᠭ ᠤᠨ ᠠᠯᠪᠠᠨ ᠠᠴᠠ ᠳᠠᠷᠬᠠᠭᠠᠭᠰᠠᠨ〔2020〕17 ᠳ᠋ᠤᠭᠠᠷ ᠳᠣᠭᠠᠳᠥ︶ ᠪᠤᠯᠤᠨ ︽ | ᠥᠪᠡᠷᠳᠡᠭᠡᠨ ᠵᠠᠰᠠᠬᠤ ᠤᠷᠤᠨ ᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠷᠢᠳᠴᠢᠯᠠᠨ ᠰᠡᠷᠡᠮᠵᠢᠯᠡᠭᠦᠯᠬᠦ | ᠬᠡᠷᠡᠭᠵᠢᠭᠦᠯᠬᠦ ᠳᠥᠰᠥᠯ︾ ︵ᠥᠪᠥᠷ ᠮᠤᠩᠭᠤᠯ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠭᠦ ᠪᠠᠴᠢᠮ | ᠪᠠᠶᠢᠳᠠᠯ ᠢ ᠠᠷᠭᠠᠴᠠᠬᠤ〔2020〕7 ᠳ᠋ᠤᠭᠠᠷ ᠳᠣᠭᠠᠳᠥ︶ ᠤᠨ ᠱᠠᠭᠠᠷᠳᠠᠯᠭ᠎ᠠ ᠶᠢ ᠥᠨᠳᠥᠰᠥᠯᠡᠨ᠂ ᠣᠳᠣᠬᠠᠨ | ᠳᠤ ᠬᠠᠮᠢᠶ᠎ᠠ ᠪᠥᠬᠦᠢ ᠰᠡᠷᠭᠡᠶᠢᠯᠡᠨ ᠡᠵᠡᠮᠳᠡᠭᠦ ᠠᠷᠭ᠎ᠠ ᠬᠡᠮᠵᠢᠶ᠎ᠡ ᠶᠢ ᠪᠥᠭᠦᠨ ᠢ ᠨᠠᠶᠢᠳᠠᠪᠤᠷᠢᠵᠢᠭᠤᠯᠤᠨ | ᠪᠤᠳᠠᠳᠠᠶᠢᠵᠢᠭᠤᠯᠵᠤ᠂9 ᠨᠢᠭᠳᠠ ᠬᠠᠷᠢᠴᠠᠭᠰᠠᠨ ᠬᠥᠮᠥᠨ᠂26 ᠳᠠᠮ ᠬᠠᠷᠢᠴᠠᠭᠰᠠᠨ ᠬᠥᠮᠥᠰ ᠢ ᠨᠢᠭᠡᠨᠳᠡ | ᠱᠠᠭᠠᠷᠳᠠᠯᠭ᠎ᠠ ᠶᠤᠰᠤᠭᠠᠷ ᠠᠨᠠᠭᠠᠬᠤ ᠤᠬᠠᠭᠠᠨ ᠤ ᠠᠵᠢᠭᠯᠠᠯᠳᠠ ᠬᠢᠭᠰᠡᠨ ᠪᠥᠭᠡᠳ ᠤᠷᠢᠳᠴᠢᠯᠠᠨ ᠰᠡᠷᠭᠡᠶᠢᠯᠡᠬᠦ | ᠴᠢᠨᠠᠷᠳᠠᠢ ᠡᠮ ᠬᠡᠷᠡᠭᠯᠡᠵᠥ᠂ ᠬᠤᠯᠤᠭᠠᠨ᠎ᠠ ᠶᠢᠨ ᠬᠢᠵᠢᠭ ᠤᠨ ᠪᠥᠭᠡᠮ ᠬᠥᠴᠢᠯ ᠤᠨPCR ᠪᠠᠶᠢᠴᠠᠭᠠᠯᠳᠠ ᠬᠢᠵᠥ᠂ | ᠤᠳᠣᠬᠠᠨ ᠳᠤ ᠬᠠᠯᠠᠭᠤᠷᠠᠬᠤ ᠵᠡᠷᠭᠡ ᠬᠡᠪ ᠤᠨ ᠪᠤᠰᠤ ᠪᠠᠶᠢᠳᠠᠯ ᠭᠠᠷᠤᠭᠰᠠᠨ ᠦᠭᠡᠢ᠃ ᠬᠤᠯᠤᠭᠠᠨ᠎ᠠ ᠶᠢᠨ ᠬᠢᠵᠢᠭ ᠤᠨ | ᠪᠥᠭᠡᠮ ᠬᠥᠴᠢᠯ ᠤᠨPCR ᠪᠠᠶᠢᠴᠠᠭᠠᠯᠳᠠ ᠶᠢᠨ ᠦᠷ᠎ᠡ ᠳ᠋ᠦᠩ ᠨᠢ ᠴᠥᠮ ᠪᠢᠯᠢᠭ ᠴᠢᠨᠠᠷ ᠲᠠᠢ᠃ ᠳᠠᠯᠢᠢᠭᠴᠢ ᠶᠢᠨ | ᠰᠠᠭᠤᠭ᠎ᠠ ᠳᠣᠰᠬᠤᠨ ᠢ ᠪᠢᠳᠡᠭᠦᠮᠵᠢᠯᠡᠨ ᠳᠤᠰᠠᠭᠠᠷᠯᠠᠵᠤ᠂ ᠶᠡᠭᠡ ᠪᠠᠭ᠎ᠠ ᠳᠣᠰᠠᠭᠠᠷᠯᠠᠬᠤ ᠳᠤᠭᠤᠷᠢᠭ ᠢ ᠵᠠᠭᠠᠭᠯᠠᠨ | ᠳᠣᠭᠳᠠᠭᠠᠵᠣ᠂ ᠳᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠡ ᠶᠢ ᠪᠥᠬᠦ ᠳᠠᠯ᠎ᠠ ᠪᠠᠷ ᠥᠷᠨᠢᠭᠦᠯᠵᠥ᠂ | ᠳᠣᠰᠠᠭᠠᠷᠯᠠᠭᠰᠠᠨ ᠡᠳᠡᠭᠡᠳ ᠤᠨ ᠡᠷᠡᠭᠦᠯ ᠮᠡᠨᠳᠥ ᠶᠢ ᠴᠢᠬᠤᠯᠠᠴᠢᠯᠠᠨ᠂ ᠳᠣᠰᠠᠭᠠᠷᠯᠠᠭᠰᠠᠨ ᠪᠤᠢ ᠪᠥᠬᠦᠢ ᠬᠥᠮᠥᠰ ᠲᠤ | ᠡᠷᠡᠭᠦᠯ ᠮᠡᠨᠳᠥ ᠶᠢᠨ ᠬᠢᠨᠠᠨ ᠬᠡᠮᠵᠢᠯᠳᠡ᠂ ᠬᠤᠯᠤᠭᠠᠨ᠎ᠠ ᠶᠢᠨ ᠬᠢᠵᠢᠭ ᠤᠨ ᠪᠥᠭᠡᠮ ᠬᠥᠴᠢᠯ ᠤᠨ ᠬᠢᠨᠠᠨ ᠬᠡᠮᠵᠢᠯᠳᠡ | ᠪᠤᠯᠤᠨ ᠤᠬᠠᠭᠤᠯᠭ᠎ᠠ ᠬᠥᠮᠥᠵᠢᠯ ᠵᠡᠷᠭᠡ ᠠᠵᠢᠯ ᠢ ᠬᠢᠵᠥ᠂ ᠳᠠᠯᠢᠢᠭᠴᠢ ᠶᠢᠨ ᠤᠷᠤᠨ ᠰᠠᠭᠤᠴᠠ ᠵᠢᠴᠢ ᠡᠷᠬᠢᠨ | ᠳᠤᠭᠤᠷᠢᠨ ᠤ ᠳᠠᠷᠢᠶᠠᠴᠢᠨ ᠡᠷᠥᠭᠡ ᠶᠢᠨ ᠤᠷᠤᠨ ᠰᠠᠭᠤᠴᠠ ᠶᠢ ᠡᠳᠥᠷ ᠪᠥᠷᠢ ᠪᠥᠬᠦ ᠳᠠᠯ᠎ᠠ ᠪᠠᠷ ᠠᠷᠢᠭᠤᠳᠬᠠᠵᠤ᠂ | ᠡᠷᠬᠢᠨ ᠳᠤᠭᠤᠷᠢᠨ ᠤ ᠨᠤᠬᠠᠢ ᠶᠢᠨ ᠪᠥᠭᠡᠰᠥ᠂ ᠬᠤᠯᠤᠭᠠᠨ᠎ᠠ ᠶᠢ ᠤᠰᠠᠳᠬᠠᠬᠤ᠂ ᠤᠷᠴᠢᠨ ᠳᠤᠭᠤᠷᠢᠨ ᠤ ᠠᠷᠢᠭᠤᠨ | ᠴᠡᠪᠡᠷ ᠢ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ ᠣᠳᠣᠬᠠᠨ ᠳᠤ ᠰᠡᠭᠦᠵᠢ ᠰᠢᠨ᠎ᠡ ᠳᠤᠰᠬᠤᠨ ᠤ ᠪᠤᠢ ᠪᠥᠬᠦᠢ | ᠠᠷᠠᠳ ᠬᠠᠯᠠᠭᠤᠷᠠᠭᠰᠠᠨ ᠪᠠᠶᠢᠳᠠᠯ ᠦᠭᠡᠢ᠂ ᠬᠤᠯᠤᠭᠠᠨ᠎ᠠ ᠶᠢᠨ ᠬᠢᠵᠢᠭ ᠤᠨ ᠪᠥᠭᠡᠮ ᠬᠥᠴᠢᠯ ᠤᠨPCR ᠤᠨ | ᠪᠠᠶᠢᠴᠠᠭᠠᠯᠳᠡ ᠶᠢᠨ ᠳ᠋ᠦᠩ ᠨᠢ ᠪᠥᠷ ᠪᠢᠯᠢᠭ ᠴᠢᠨᠠᠷᠳᠠᠢ᠃ | ᠮᠠᠨ ᠤ ᠬᠤᠳᠠ ᠣᠳᠣᠬᠠᠨ ᠳᠤ ᠬᠥᠮᠥᠨ ᠳᠤ ᠬᠤᠯᠤᠭᠠᠨ᠎ᠠ ᠶᠢᠨ ᠬᠢᠵᠢᠭ ᠳᠡᠯᠭᠡᠷᠡᠭᠦ ᠳᠥᠭᠰᠢᠭᠦᠷᠢ ᠲᠠᠢ | ᠪᠠᠶᠢᠨ᠎ᠠ᠃ ᠡᠯ᠎ᠡ ᠬᠤᠰᠢᠭᠤ ᠰᠢᠶᠠᠨ ᠳᠤᠭᠤᠷᠢᠭ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠬᠢᠨ ᠡᠷᠬᠡᠪᠰᠢ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠭᠦ ᠠᠵᠢᠯ ᠢ ᠦᠨᠡᠨᠬᠦ ᠴᠢᠩᠭᠠᠳᠬᠠᠵᠤ᠂ ᠬᠢᠵᠢᠭ ᠤᠨ ᠮᠡᠳᠡᠯᠭᠡ ᠶᠢᠨ | ᠤᠬᠠᠭᠤᠯᠭ᠎ᠠ ᠬᠥᠮᠥᠵᠢᠯ ᠤᠨ ᠠᠵᠢᠯ ᠢ ᠰᠠᠶᠢᠳᠥᠷ ᠬᠢᠵᠥ᠂ ᠬᠠᠮᠳᠤᠷᠠᠨ ᠰᠡᠷᠭᠡᠶᠢᠯᠡᠵᠥ ᠬᠠᠮᠳᠤᠷᠠᠨ ᠡᠵᠡᠮᠳᠡᠭᠦ ᠪᠠ | ᠤᠯᠠᠨ ᠢᠶᠠᠷ ᠢᠶᠠᠨ ᠡᠵᠡᠮᠳᠡᠭᠦ ᠶᠢ ᠤᠶᠠᠯᠳᠣᠭᠤᠯᠤᠨ᠂ᠬᠤᠯᠤᠭᠠᠨ᠎ᠠ ᠶᠢᠨ ᠬᠤᠭᠤᠷᠤᠨᠳᠤᠬᠢ ᠬᠢᠵᠢᠭ ᠤᠨ ᠪᠠᠶᠢᠳᠠᠯ ᠤᠨ | ᠬᠢᠨᠠᠨ ᠬᠡᠮᠵᠢᠯᠳᠡ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠳᠡᠢ᠃ ᠡᠯ᠎ᠡ ᠱᠠᠳᠣᠨ ᠤ ᠡᠮᠴᠢᠯᠡᠭᠡᠨ ᠤ | ᠪᠠᠶᠢᠭᠤᠯᠤᠮᠵᠢ ᠠᠩᠬ᠎ᠠ ᠤᠨᠤᠰᠢᠯᠠᠯᠳᠡ ᠶᠢᠨ ᠡᠮᠴᠢ ᠶᠢᠨ ᠬᠠᠷᠢᠭᠤᠴᠠᠯᠭ᠎ᠠ ᠶᠢᠨ ᠳᠥᠷᠢᠮ ᠢ ᠴᠢᠩᠭ᠎ᠠ | ᠨᠠᠶᠢᠳᠠᠪᠥᠷᠢᠵᠢᠭᠤᠯᠵᠤ᠂ ᠤᠷᠢᠳᠴᠢᠯᠠᠨ ᠪᠠᠶᠢᠴᠠᠭᠠᠵᠤ ᠬᠤᠪᠢᠶᠠᠨ ᠡᠮᠨᠡᠬᠦ ᠳᠤᠭᠤᠷᠢᠭ᠂ ᠬᠠᠯᠠᠭᠤᠷᠠᠬᠤ ᠡᠭᠦᠳᠡᠨ | ᠡᠮᠨᠡᠯᠭᠡ ᠳᠤ ᠵᠢᠭᠰᠠᠭᠠᠨ ᠪᠠᠶᠢᠴᠠᠭᠠᠬᠤ ᠬᠠᠮᠢᠶᠠᠷᠣᠯᠳᠠ ᠶᠢ ᠰᠠᠶᠢᠳᠥᠷ ᠬᠢᠵᠥ᠂ᠬᠤᠯᠤᠭᠠᠨ᠎ᠠ ᠶᠢᠨ ᠬᠢᠵᠢᠭ ᠤᠨ ᠡᠷᠡᠭᠦᠯ | ᠮᠡᠨᠳᠥ ᠶᠢᠨ ᠺᠥ᠋ᠳ᠋ ᠢᠶᠠᠷ ᠬᠢᠨᠠᠨ ᠰᠢᠯᠭᠠᠯᠳᠠ ᠪᠠᠨ ᠴᠢᠩᠭᠠᠳᠬᠠᠨ᠂ ᠪᠤᠰᠤᠳ ᠰᠠᠯᠠᠭ᠎ᠠ ᠮᠦᠴᠢᠷ ᠤᠳ ᠠᠵᠢᠯ ᠤᠨ | ᠬᠠᠷᠢᠭᠤᠴᠠᠯᠭ᠎ᠠ ᠶᠤᠰᠤᠭᠠᠷᠬᠤᠯᠤᠭᠠᠨᠠ ᠶᠢᠨ ᠬᠢᠵᠢᠭ ᠢ ᠰᠡᠷᠭᠡᠶᠢᠯᠡᠨ ᠡᠵᠡᠮᠳᠡᠭᠦ ᠠᠵᠢᠯ ᠢ ᠰᠠᠶᠢᠳᠤᠷ ᠬᠢᠬᠦ ᠬᠡᠷᠡᠭᠳᠡᠢ᠃ | ᠬᠤᠪᠢ ᠬᠥᠮᠥᠨ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠠᠶᠢᠬᠤ ᠶᠢ ᠳᠣᠰᠬᠠᠢ | ᠮᠡᠷᠭᠡᠵᠢᠯᠳᠡᠳ ᠰᠠᠨᠠᠭᠤᠯᠵᠥ ᠪᠠᠶᠢᠨ᠎ᠠ᠃ ᠠᠯᠢ ᠴᠢᠳᠠᠬᠤ ᠪᠠᠷ ᠬᠢᠵᠢᠭᠳᠦ ᠤᠷᠤᠨ ᠳᠤ ᠤᠴᠢᠬᠤ ᠠᠴᠠ ᠵᠠᠶᠢᠯᠠᠰᠬᠢᠨ᠎ᠠ᠂ | ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠬᠠᠮᠢᠶ᠎ᠠ ᠪᠥᠬᠦᠢ ᠡᠪᠡᠳᠴᠢᠨ ᠤ ᠪᠠᠶᠢᠳᠠᠯ ᠭᠠᠷᠪᠠᠯ ᠴᠠᠭ ᠳᠤᠬᠠᠢ ᠳᠤ ᠨᠢ | ᠳᠣᠭᠳᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠥᠷᠴᠥ ᠡᠮᠨᠡᠭᠦᠯᠬᠦ ᠬᠡᠷᠡᠭᠳᠡᠢ︔ ᠬᠡᠷᠪᠡ ᠥᠪᠡᠷ ᠢ ᠪᠠᠨ ᠡᠪᠡᠳᠴᠢᠨ | ᠤ ᠵᠢᠱᠢᠶ᠎ᠡ ᠲᠠᠢ ᠣᠶᠢᠷᠠᠳᠣᠵᠤ ᠥᠩᠭᠡᠷᠡᠭᠰᠡᠨ ᠬᠡᠵᠥ ᠰᠡᠵᠢᠭᠯᠡᠪᠡᠯ᠂ ᠳᠤᠬᠠᠢ ᠶᠢᠨ ᠭᠠᠵᠠᠷ ᠤᠨ ᠬᠢᠵᠢᠭ ᠢ ᠰᠡᠷᠭᠡᠶᠢᠯᠡᠨ | ᠡᠵᠡᠮᠳᠡᠭᠦ ᠰᠠᠯᠠᠭ᠎ᠠ ᠮᠦᠴᠢᠷ ᠲᠤ ᠰᠠᠨᠠᠭᠠᠴᠢᠯᠠᠭ᠎ᠠ ᠠᠴᠠ ᠪᠠᠨ ᠮᠡᠳᠡᠭᠦᠯᠵᠥ᠂ ᠳᠤᠰᠬᠠᠢ ᠮᠡᠷᠭᠡᠵᠢᠯ ᠤᠨ ᠵᠢᠯᠤᠭᠤᠳᠤᠯᠭ᠎ᠠ | ᠶᠢ ᠠᠪᠴᠤ᠂ ᠬᠠᠯᠠᠭᠤᠷᠠᠬᠤ᠂ ᠬᠠᠨᠢᠶᠠᠯᠭᠠᠬᠤ᠂ ᠯᠢᠮᠪᠠ ᠶᠢᠨ ᠪᠤᠯᠴᠢᠷᠬᠠᠢ ᠡᠪᠡᠳᠬᠦ᠂ ᠴᠢᠰᠤ ᠪᠠᠷ ᠬᠠᠨᠢᠶᠠᠬᠤ ᠪᠤᠶᠤ | ᠴᠢᠰᠤ ᠭᠠᠷᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ ᠴᠠᠭ ᠳᠤᠬᠠᠢ ᠳᠤ ᠨᠢ ᠡᠮᠨᠡᠭᠦᠯᠬᠦ ᠬᠡᠷᠡᠭᠳᠡᠢ᠃ ᠬᠤᠯᠤᠭᠠᠨ᠎ᠠ | ᠶᠢᠨ ᠬᠢᠵᠢᠭ ᠢ ᠰᠡᠷᠭᠡᠶᠢᠯᠡᠨ ᠡᠵᠡᠮᠳᠡᠭᠦ ︽ᠭᠤᠷᠪᠠᠨ ᠥᠯᠥ ᠪᠤᠯᠬᠤ︾ ︽ᠭᠤᠷᠪᠠᠨ ᠶᠢ ᠮᠡᠳᠡᠭᠦᠯᠬᠦ︾ ᠱᠠᠭᠠᠷᠳᠠᠯᠭ᠎ᠠ | ᠶᠤᠰᠤᠭᠠᠷ᠂ ᠭᠠᠳᠠᠭᠰᠢ ᠭᠠᠷᠴᠤ ᠵᠤᠭᠠᠴᠠᠬᠤ ᠳᠠᠭᠠᠨ ᠬᠡᠭᠡᠷ᠎ᠡ ᠶᠢᠨ ᠠᠮᠢᠳᠠᠨ ᠢ ᠳᠣᠷ᠎ᠠ ᠪᠠᠷ ᠢᠶᠠᠨ ᠠᠩᠨᠠᠬᠤ ᠪᠤᠶᠤ | ᠢᠳᠡᠭᠦ ᠡᠰᠡᠭᠦᠯ᠎ᠡ ᠠᠪᠴᠤ ᠶᠠᠪᠤᠵᠤ ᠪᠤᠯᠬᠤ ᠦᠭᠡᠢ᠃ ᠡᠭᠦᠨ ᠤ ᠬᠠᠮᠳᠥ ᠨᠤᠬᠠᠢ ᠶᠢᠨ ᠪᠥᠭᠡᠰᠥᠨ ᠳᠤ ᠬᠠᠵᠠᠭᠳᠠᠬᠤ | ᠠᠴᠠ ᠰᠡᠷᠭᠡᠶᠢᠯᠡᠵᠥ᠂ ᠬᠡᠭᠡᠷ᠎ᠡ ᠭᠠᠳᠠᠭ᠎ᠠ ᠠᠵᠢᠯᠯᠠᠵᠤ ᠪᠠᠶᠢᠭ᠎ᠠ ᠬᠥᠮᠥᠰ ᠬᠤᠯᠤᠭᠠᠨ᠎ᠠ ᠶᠢᠨ ᠬᠢᠵᠢᠭ ᠢ ᠰᠡᠷᠭᠡᠶᠢᠯᠡᠭᠦ | ᠰᠣᠨᠣᠷ ᠰᠡᠷᠡᠮᠵᠢ ᠪᠠᠨ ᠳᠡᠭᠡᠭᠰᠢᠯᠡᠭᠦᠯᠵᠥ᠂ ᠬᠤᠪᠢ ᠪᠡᠶ᠎ᠡ ᠪᠠᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠪᠠᠨ | ᠴᠢᠩᠭᠠᠳᠬᠠᠬᠤ ᠬᠡᠷᠡᠭᠳᠡᠢ᠃ ᠥᠷᠭᠡᠨ ᠤᠯᠠᠨ ᠳᠥᠮᠡᠨ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠵᠥᠪ ᠳᠠᠨᠢᠵᠤ᠂ | ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠵᠥ᠂ ᠴᠤᠤᠷᠬᠠᠯ ᠳᠠᠷᠬᠠᠭᠠᠬᠤ ᠦᠭᠡᠢ᠂ ᠴᠤᠤᠷᠬᠠᠯ ᠳᠠᠯᠪᠢᠬᠤ | ᠦᠭᠡᠢ ᠪᠠᠶᠢᠬᠤ ᠬᠡᠷᠡᠭᠳᠡᠢ᠃ | ᠥᠪᠡᠷᠳᠡᠭᠡᠨ ᠵᠠᠰᠠᠬᠤ ᠤᠷᠤᠨ᠂ ᠪᠤᠭᠤᠳᠥ ᠬᠤᠳᠠ ᠶᠢᠨ ᠬᠢᠵᠢᠭ ᠢ ᠰᠡᠷᠭᠡᠶᠢᠯᠡᠨ ᠡᠵᠡᠮᠳᠡᠭᠦ ᠪᠠᠴᠢᠮ ᠪᠠᠶᠢᠳᠠᠯ ᠢ | ᠠᠷᠭᠠᠴᠠᠬᠤ ᠣᠷᠢᠳᠴᠢᠯᠠᠭᠰᠠᠨ ᠳᠥᠰᠥᠯ ᠤᠨ ᠶᠣᠰᠣᠭᠠᠷ᠂ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠥ ᠶᠢᠨ | ᠵᠥᠪᠯᠡᠯ ᠠᠴᠠ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠣᠷᠢᠳᠴᠢᠯᠠᠨ ᠰᠡᠷᠡᠮᠵᠢᠯᠡᠭᠦ ᠳᠡᠰ ᠢ ᠥᠨᠳᠥᠰᠥᠯᠡᠨ᠂ | ᠣᠷᠢᠳᠴᠢᠯᠠᠨ ᠰᠡᠷᠡᠮᠵᠢᠯᠡᠭᠦ ᠮᠡᠳᠡᠭᠡ ᠵᠠᠩᠬᠢ ᠶᠢ ᠴᠠᠭ ᠳᠣᠬᠠᠢ ᠳᠤ ᠨᠢ ᠨᠠᠶᠢᠳᠡᠯᠡᠵᠥ ᠳᠤᠬᠢᠷᠠᠭᠤᠯᠤᠨ᠎ᠠ᠃ | ᠣᠨᠴᠠᠭᠠᠶᠢᠯᠠᠨ ᠵᠠᠷᠯᠠᠪᠠ | | ᠪᠤᠭᠤᠳᠥ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠥ ᠶᠢᠨ ᠵᠥᠪᠯᠡᠯ | 2020 ᠤᠨ ᠤ8 ᠰᠠᠷ᠎ᠠ ᠶᠢᠨ6 ᠤ ᠡᠳᠥᠷ |