ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠷᠠᠮᠥ᠋ᠷᠡᠨ ᠪᠠᠯᠭᠠᠰᠤ ᠬᠤᠢ ᠰᠠᠯᠬᠢᠨ ᠤ ᠳᠠᠭᠠᠷᠢᠯᠲᠠ ᠳᠤ ᠤᠴᠠᠷᠠᠵᠤ᠂ ᠠᠪᠤᠷᠠᠨ ᠲᠤᠰᠠᠯᠠᠬᠤ ᠠᠵᠢᠯ ᠶᠠᠭ ᠪᠠᠴᠢᠮ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2020-08-10
     8 ᠰᠠᠷ᠎ᠠ ᠶᠢᠨ 9 ᠤ ᠡᠳᠦᠷ ᠤᠨ ᠦᠳᠡ ᠬᠤᠶᠢᠨᠠᠬᠢ 15 ᠴᠠᠭ 30 ᠮᠢᠨᠦ᠋ᠲ ᠤᠨ ᠦᠶ᠎ᠡ ᠪᠠᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠷᠠᠮᠥ᠋ᠷᠡᠨ ᠪᠠᠯᠭᠠᠰᠤᠨ ᠤ ᠬᠥᠬᠡ ᠳᠠᠷᠠᠰᠤ ᠭᠠᠴᠠᠭ᠎ᠠ ᠬᠤᠢ ᠰᠠᠯᠬᠢᠨ ᠤ ᠳᠠᠭᠠᠷᠢᠯᠲᠠ ᠳᠤ ᠤᠴᠠᠷᠠᠪᠠ᠃ ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ ᠭᠠᠮᠰᠢᠭ ᠠᠴᠠ ᠪᠣᠯᠵᠣ ᠬᠥᠬᠡ ᠳᠠᠷᠠᠰᠤ ᠭᠠᠴᠠᠭ᠎ᠠ ᠶᠢᠨ 5 ᠮᠠᠯᠴᠢᠨ ᠭᠠᠮᠰᠢᠭᠳᠠᠵᠤ᠂ ᠬᠤᠨᠳᠣ ᠨᠠᠭᠤᠷ ᠤᠨ ᠵᠢᠭᠤᠯᠴᠢᠯᠠᠯ ᠤᠨ ᠭᠥᠯᠢᠶᠡᠨ ᠠᠪᠬᠤ ᠴᠡᠭ ᠨᠡᠯᠢᠶᠡᠳ ᠬᠦᠨᠳᠦ ᠨᠣᠴᠢᠲᠠᠶ ᠭᠠᠮᠰᠢᠭᠳᠠᠵᠠᠶ᠃ ᠬᠤᠨᠳᠣ ᠨᠠᠭᠤᠷ ᠤᠨ ᠵᠢᠭᠤᠯᠴᠢᠯᠠᠯ ᠤᠨ ᠬᠦᠯᠢᠶᠡᠨ ᠠᠪᠬᠤ ᠭᠠᠵᠠᠷ ᠤᠨ ᠵᠢᠭᠤᠯᠴᠢᠯᠠᠭᠴᠢ᠂ ᠦᠵᠡᠮᠵᠢ ᠶᠢᠨ ᠭᠠᠵᠠᠷ ᠤᠨ ᠦᠢᠯᠡᠴᠢᠯᠡᠭᠴᠢ᠂ ᠠᠵᠢᠯᠲᠠᠨ 33 ᠬᠥᠮᠦᠨ ᠠᠳᠠᠯᠢ ᠪᠤᠰᠤ ᠬᠡᠮᠵᠢᠶ᠎ᠡ ᠪᠠᠷ ᠰᠢᠷᠬᠠᠳᠤᠵᠤ᠂ 100 ᠭᠠᠷᠤᠢ ᠮᠣᠩᠭᠤᠯ ᠭᠡᠷ ᠣᠶᠢᠴᠢᠬᠤ ᠪᠤᠶᠤ ᠡᠪᠳᠡᠭᠳᠡᠪᠡ᠃      ᠭᠠᠮᠰᠢᠭ ᠡᠭᠦᠰᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠠᠩ ᠶᠤᠸᠠᠨ ᠵᠥᠩ ᠲᠡᠷᠡ ᠳᠠᠷᠤᠶ ᠳᠤᠨᠢ ᠵᠢᠭᠠᠪᠤᠷᠢ ᠥᠭᠴᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠢ ᠭᠠᠮᠰᠢᠭ ᠠᠪᠤᠷᠠᠨ ᠲᠤᠰᠠᠯᠠᠬᠤ ᠪᠠ ᠬᠤᠶᠢᠲᠤᠬᠢ ᠶᠠᠪᠤᠳᠠᠯ ᠢ ᠰᠢᠢᠳᠪᠥᠷᠢᠯᠡᠬᠦ ᠠᠵᠢᠯ ᠢ ᠳᠠᠷᠤᠶ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠵᠥ᠂ ᠭᠠᠮᠰᠢᠭᠳᠠᠭᠰᠠᠨ ᠣᠯᠠᠨ ᠲᠦᠮᠡᠨ ᠢ ᠲᠦᠷᠭᠡᠨ ᠰᠢᠯᠵᠢᠭᠦᠯᠦᠨ ᠠᠪᠤᠷᠠᠬᠤ ᠬᠡᠷᠡᠭᠲᠡᠶ ᠭᠡᠵᠦ ᠱᠠᠭᠠᠷᠳᠠᠬᠤ ᠶᠢᠨ ᠬᠠᠮᠲᠤ ᠬᠤᠲᠠ ᠶᠢᠨ ᠤᠳᠤᠷᠢᠳᠤᠯᠭ᠎ᠠ ᠳᠣᠮᠢᠯᠠᠨ ᠲᠤᠬᠠᠶ ᠶᠢᠨ ᠲᠠᠯᠠᠪᠠᠢ ᠳᠤ ᠣᠴᠢᠭᠤᠯᠪᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠨᠢ ᠡᠷᠢᠵᠦ ᠠᠪᠤᠷᠠᠬᠤ ᠳᠤᠭᠤᠶᠢᠯᠠᠩ᠂ ᠡᠮ ᠡᠮᠨᠡᠯᠭᠡ ᠶᠢᠨ ᠠᠪᠤᠷᠠᠨ ᠵᠠᠰᠠᠬᠤ ᠳᠤᠭᠤᠶᠢᠯᠠᠩ᠂ ᠬᠤᠶᠢᠲᠤᠬᠢ ᠶᠢᠨ ᠶᠠᠪᠤᠳᠠᠯ ᠢ ᠰᠢᠢᠳᠪᠥᠷᠢᠯᠡᠬᠦ ᠳᠤᠭᠤᠶᠢᠯᠠᠩ ᠵᠡᠷᠭᠡ ᠠᠵᠢᠯᠯᠠᠬᠤ ᠳᠤᠭᠤᠶᠢᠯᠠᠩ ᠢ ᠳᠡᠷᠡ ᠳᠠᠷᠤᠢ ᠳᠤᠨᠢ ᠪᠠᠶᠢᠭᠤᠯᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠬᠠᠮᠤᠭ ᠤᠨ ᠲᠡᠷᠢᠭᠦᠨ ᠳᠤ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ ᠂ ᠵᠡᠪᠰᠡᠭᠲᠦ ᠴᠠᠭᠳᠠᠭ᠎ᠠ᠂ ᠡᠷᠡᠭᠦᠯ ᠬᠠᠮᠠᠭᠠᠯᠠᠯ᠂ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠲᠤᠬᠠᠶ ᠶᠢᠨ ᠲᠠᠯᠠᠪᠠᠢ ᠳᠤ ᠬᠦᠷᠴᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ  ᠠᠵᠢᠯᠯᠠᠭ᠎ᠠ ᠥᠷᠨᠢᠭᠦᠯᠪᠡ᠃ ᠣᠳᠣᠬᠠᠨ ᠳᠤ ᠰᠢᠷᠬᠠᠲᠤᠭᠰᠠᠳ ᠢ ᠪᠦᠷ ᠡᠮᠨᠡᠯᠭᠡ ᠶᠢᠨ ᠬᠤᠷᠢᠶᠠᠨ ᠳᠤ ᠬᠦᠷᠭᠡᠵᠦ ᠠᠪᠤᠷᠠᠨ ᠵᠠᠰᠠᠵᠤ ᠪᠠᠶᠢᠨ᠎ᠠ᠂ ᠡᠭᠦᠨ ᠳᠤ ᠦᠴᠤᠸᠠᠨ ᠰᠢᠶᠠᠨ ᠤ ᠡᠮᠨᠡᠯᠭᠡ ᠶᠢᠨ ᠬᠤᠷᠢᠶᠠᠨ ᠳᠤ 24 ᠬᠥᠮᠦᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠨᠡᠯᠭᠡ ᠶᠢᠨ ᠬᠤᠷᠢᠶᠠᠨ ᠳᠤ 9 ᠬᠥᠮᠦᠨ ᠪᠤᠢ᠃3 ᠨᠡᠷᠡᠰ ᠬᠦᠨᠳᠦ ᠰᠢᠷᠬᠠᠲᠤᠭᠰᠠᠳ ᠢ ᠦᠴᠤᠸᠠᠨ ᠰᠢᠶᠠᠨ ᠤ ᠡᠮᠨᠡᠯᠭᠡ ᠶᠢᠨ ᠬᠤᠷᠢᠶᠠᠨ ᠠᠴᠠ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠳᠤ   ᠰᠢᠯᠵᠢᠭᠦᠯᠥᠨ ᠡᠮᠨᠡᠭᠦᠯᠵᠥ᠂ ᠣᠳᠣᠬᠠᠨ ᠳᠤ ᠠᠮᠢ ᠨᠠᠰᠤᠨ ᠤ ᠪᠡᠶ᠎ᠡ ᠶᠢᠨ ᠢᠯᠡᠷᠡᠯ ᠲᠣᠭᠲᠠᠭᠤᠨ ᠪᠠᠶᠢᠨ᠎ᠠ᠃ ᠲᠤᠬᠠᠶ ᠶᠢᠨ ᠲᠠᠯᠠᠪᠠᠶ ᠶᠢᠨ ᠠᠪᠤᠷᠠᠨ ᠲᠤᠰᠠᠯᠠᠬᠤ᠂ ᠬᠤᠶᠢᠲᠤᠬᠢ ᠶᠠᠪᠤᠳᠠᠯ ᠢ ᠰᠢᠶ᠋ᠳᠪᠦᠷᠢᠯᠡᠬᠦ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号