ᠪᠥᠬᠦ ᠬᠤᠰᠢᠭᠤᠨ ᠤ ᠥᠷᠭᠡᠨ ᠤᠯᠠᠨ ᠰᠠᠭᠤᠭᠠᠯᠢ ᠠᠷᠠᠳ ᠲᠤ ᠥᠭᠭᠦᠭᠰᠡᠨ ᠨᠢᠭᠡ ᠬᠤᠪᠢ ᠵᠠᠬᠢᠳᠠᠯ
ᠨᠡᠶᠢᠲᠡᠯᠡᠭᠰᠡᠨ ᠴᠠᠭ᠄
2020-08-11
ᠪᠥᠬᠦ ᠬᠤᠰᠢᠭᠤᠨ ᠤ ᠥᠷᠭᠡᠨ ᠤᠯᠠᠨ ᠰᠠᠭᠤᠭᠠᠯᠢ ᠠᠷᠠᠳ ᠤᠯᠠᠨ ᠳᠥᠮᠡᠨ ᠳᠤ᠄      ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠭᠦ ᠪᠠᠶᠢᠳᠠᠯ ᠳᠤ ᠬᠠᠨᠳᠤᠭᠤᠯᠤᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠠᠷᠠᠳ ᠳᠥᠮᠡᠨ ᠤ ᠠᠮᠢ ᠨᠠᠰᠤ ᠡᠷᠡᠭᠦᠯ ᠮᠡᠨᠳᠥ ᠶᠢ ᠮᠠᠰᠢ ᠴᠢᠬᠤᠯᠠᠴᠢᠯᠠᠨ᠂ ᠪᠥᠭᠦ ᠬᠤᠰᠢᠭᠤᠨ ᠤ ᠡᠯ᠎ᠡ ᠳᠠᠯ᠎ᠠ ᠶᠢᠨ ᠬᠥᠴᠥᠨ ᠢ ᠳᠠᠶᠢᠴᠢᠯᠠᠨ ᠵᠤᠬᠢᠶᠠᠨ ᠪᠠᠶᠢᠭᠤᠯᠵᠤ᠂ ᠰᠡᠷᠭᠡᠶᠢᠯᠡᠨ ᠡᠵᠡᠮᠳᠡᠭᠦ ᠠᠵᠢᠯ ᠢ ᠮᠠᠰᠢ ᠡᠮᠬᠢ ᠴᠡᠭᠴᠡᠳᠡᠢ ᠥᠷᠨᠢᠭᠦᠯᠥᠨ᠂ ᠪᠥᠬᠦ ᠬᠤᠰᠢᠭᠤᠨ ᠤ ᠥᠷᠭᠡᠨ ᠤᠯᠠᠨ ᠳᠥᠮᠡᠨ ᠢ ᠬᠢᠵᠢᠭ ᠤᠨ ᠪᠠᠶᠢᠳᠠᠯ ᠢ ᠵᠥᠪ ᠳᠠᠨᠢᠵᠤ᠂ ᠰᠢᠨᠵᠢᠯᠡᠬᠦ ᠤᠬᠠᠭᠠᠨᠴᠢ ᠪᠠᠷ ᠬᠠᠨᠳᠤᠵᠤ᠂ ᠪᠢᠳᠡᠬᠡᠢ ᠠᠶᠤᠵᠤ ᠰᠠᠨᠳᠣᠷᠣᠭᠠᠷᠠᠢ ᠬᠡᠵᠤ ᠤᠨᠴᠠᠭᠠᠶᠢᠯᠠᠨ ᠰᠠᠨᠠᠭᠤᠯᠵᠤ ᠪᠠᠶᠢᠨ᠎ᠠ᠃      ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠵᠥ ᠪᠤᠯᠤᠨ᠎ᠠ᠃ ᠡᠪᠡᠳᠴᠢᠨ ᠤ ᠡᠭᠦᠰᠥᠯᠳᠡ ᠶᠢ ᠬᠤᠷᠢᠭᠯᠠᠵᠤ᠂ ᠬᠠᠯᠳᠠᠪᠤᠷᠢᠯᠠᠬᠤ ᠵᠠᠮ ᠢ ᠳᠠᠰᠣᠯᠬᠤ ᠪᠠᠷ ᠳᠠᠮᠵᠢᠨ᠂ ᠬᠤᠪᠢ ᠪᠠᠶ᠎ᠠ ᠪᠠᠨ ᠬᠠᠮᠠᠭᠠᠯᠠᠬᠤ᠂ ᠨᠠᠩ ᠢᠯᠠᠩᠭᠤᠶ᠎ᠠ ᠬᠤᠯᠤᠭᠠᠨ᠎ᠠ ᠶᠢᠨ ᠬᠢᠵᠢᠭ ᠤᠨ ᠬᠠᠯᠳᠠᠪᠥᠷᠢᠳᠥ ᠳᠥᠭᠰᠢᠭᠦᠷᠢ ᠢᠯᠡ ᠪᠠᠶᠢᠬᠤ ᠶᠢ ᠪᠠᠭᠠᠰᠬᠠᠪᠠᠯ ᠬᠤᠯᠤᠭᠠᠨ᠎ᠠ ᠶᠢᠨ ᠬᠢᠵᠢᠭ ᠬᠠᠯᠳᠠᠪᠥᠷᠢᠯᠠᠬᠤ ᠠᠴᠠ ᠰᠡᠷᠭᠡᠶᠢᠯᠡᠵᠤ ᠪᠤᠯᠤᠨ᠎ᠠ᠃      ᠬᠤᠯᠤᠭᠠᠨ᠎ᠠ ᠶᠢᠨ ᠬᠢᠵᠢᠭ ᠪᠤᠯ ᠬᠤᠯᠤᠭᠠᠨ᠎ᠠ ᠶᠢᠨ ᠬᠢᠵᠢᠭ ᠤᠨ ᠪᠠᠺᠲ᠋ᠧᠷᠢ ᠠᠴᠠ ᠡᠭᠦᠰᠥᠭᠰᠡᠨ ᠨᠢᠭᠡ ᠵᠦᠢᠯ  ᠤᠨ ᠡᠪᠡᠳᠴᠢᠨ ᠪᠤᠯᠤᠨ᠎ᠠ᠃ ᠡᠭᠦᠰᠬᠦ ᠨᠢ ᠬᠤᠷᠳᠤᠨ᠂ ᠬᠠᠯᠳᠠᠪᠤᠷᠢᠯᠠᠬᠤ ᠴᠢᠨᠠᠷ ᠢᠶᠠᠷ ᠴᠢᠩᠭ᠎ᠠ᠂ ᠡᠪᠡᠳᠴᠢᠯᠡᠵᠥ ᠥᠬᠦᠬᠦ ᠨᠤᠷᠮ᠎ᠠ ᠥᠨᠳᠥᠷ᠂ ᠳᠥᠷᠭᠡᠨ ᠴᠢᠨᠠᠷᠳᠠᠢ ᠬᠠᠯᠳᠠᠪᠥᠷᠢᠳᠥ ᠡᠪᠡᠳᠴᠢᠨ ᠪᠤᠯᠤᠨ᠎ᠠ᠃ ︽ᠪᠥᠭᠦᠳᠡ ᠨᠠᠶᠢᠷᠠᠮᠳᠠᠬᠤ ᠳᠣᠮᠳᠠᠳᠣ ᠠᠷᠠᠳ ᠤᠯᠤᠰ ᠤᠨ ᠬᠠᠯᠳᠠᠪᠥᠷᠢᠳᠥ ᠡᠪᠡᠳᠴᠢᠨ ᠢ ᠰᠡᠷᠭᠡᠶᠢᠯᠡᠬᠦ ᠬᠠᠤᠯᠢ︾ ᠠᠴᠠ ᠬᠤᠯᠤᠭᠠᠨ᠎ᠠ ᠶᠢᠨ ᠬᠢᠵᠢᠭ ᠢ ᠬᠥᠬᠡ ᠳᠥᠷᠥᠯ ᠤᠨ ᠬᠠᠯᠳᠠᠪᠥᠷᠢᠳᠥ ᠡᠪᠡᠳᠴᠢᠨ ᠢᠶᠠᠷ ᠳᠤᠭᠳᠠᠭᠠᠵᠤ᠂ ᠬᠤᠯᠤᠭᠠᠨ᠎ᠠ ᠶᠢᠨ ᠬᠢᠵᠢᠭ ᠤᠨ ᠪᠠᠺᠲ᠋ᠧᠷᠢ ᠳᠤ ᠬᠤᠯᠤᠭᠠᠨ᠎ᠠ ᠶᠢᠨ ᠳᠥᠷᠥᠯ ︵ᠳᠠᠷᠪᠠᠭ᠎ᠠ ᠶᠢ ᠪᠠᠭᠳᠠᠭᠠᠨ᠎ᠠ︶᠂ ᠵᠡᠷᠯᠢᠭ ᠳᠠᠤᠯᠠᠢ᠂ ᠦᠨᠡᠭᠡ᠂ ᠨᠤᠬᠠᠢ᠂ ᠮᠤᠤᠷ᠂ ᠵᠡᠭᠡᠷ᠎ᠡ  ᠵᠡᠷᠭᠡ ᠠᠮᠢᠳᠠᠨ ᠢ ᠬᠤᠯᠤᠭᠠᠨ᠎ᠠ ᠶᠢᠨ ᠬᠢᠵᠢᠭ ᠢ ᠭᠤᠤᠯ ᠳᠠᠷᠬᠠᠭᠠᠬᠤ ᠠᠮᠢᠳᠠᠨ ᠬᠡᠵᠥ᠂ ᠮᠥᠨ ᠴᠦ ᠬᠢᠵᠢᠭ ᠤᠨ ᠡᠭᠦᠰᠪᠥᠷᠢ ᠠᠮᠢᠳᠠᠨ ᠬᠡᠳᠡᠭ᠃ ᠬᠤᠯᠤᠭᠠᠨ᠎ᠠ ᠶᠢᠨ ᠬᠢᠵᠢᠭ ᠨᠢ ᠪᠠᠰᠠ ᠠᠭᠤᠰᠬᠢᠨ ᠤ ᠬᠤᠯᠤᠭᠠᠨ᠎ᠠ  ᠶᠢᠨ ᠬᠢᠵᠢᠭ ᠤᠨ ᠡᠪᠡᠳᠴᠢᠳᠠᠡ ᠠᠴᠠ ᠬᠥᠮᠥᠨ ᠳᠤ ᠬᠠᠯᠳᠠᠪᠤᠷᠢᠯᠠᠳᠠᠭ᠃ ᠡᠳᠥᠷ ᠳᠣᠳᠣᠮ ᠤᠨ ᠦᠢᠯᠡᠳᠪᠥᠷᠢᠯᠡᠯ ᠠᠮᠢᠳᠣᠷᠠᠯ ᠳᠤᠮᠳᠠ ᠬᠤᠯᠤᠭᠠᠨ᠎ᠠ ᠶᠢᠨ ᠬᠢᠵᠢᠭ ᠤᠨ ᠭᠤᠤᠯ ᠬᠠᠯᠳᠠᠪᠥᠷᠢᠯᠬᠠᠤ ᠵᠠᠮ ᠭᠡᠪᠡᠯ᠄      ᠨᠢᠭᠡ ᠳᠤ᠂ ᠨᠤᠬᠠᠢ ᠶᠢᠨ ᠪᠥᠭᠡᠰᠥᠨ ᠳᠤ ᠬᠠᠵᠠᠭᠳᠠᠬᠤ ᠠᠴᠠ ᠬᠠᠯᠳᠠᠪᠥᠷᠢᠯᠠᠬᠤ᠄ ᠨᠤᠬᠠᠢ ᠶᠢᠨ ᠪᠥᠭᠡᠰᠥ ᠬᠤᠯᠤᠭᠠᠨ᠎ᠠ ᠶᠢᠨ ᠬᠢᠵᠢᠭ ᠬᠠᠯᠳᠠᠪᠥᠷᠢᠯᠠᠭᠰᠠᠨ ᠠᠮᠢᠳᠠᠨ ᠢ ᠬᠠᠵᠠᠭᠰᠠᠨ ᠤ ᠳᠠᠷᠠᠭ᠎ᠠ ᠳᠠᠬᠢᠨ ᠬᠥᠮᠥᠨ ᠢ ᠬᠠᠵᠠᠪᠠᠯ ᠬᠤᠯᠤᠭᠠᠨ᠎ᠠ ᠶᠢᠨ ᠬᠢᠵᠢᠭ ᠬᠥᠮᠥᠨ ᠳᠤ ᠬᠠᠯᠳᠠᠪᠥᠷᠢᠯᠡᠨ᠎ᠡ᠃     ᠬᠤᠶᠠᠷ ᠲᠤ᠂ ᠰᠢᠭᠤᠳ ᠬᠥᠷᠥᠯᠴᠡᠭᠰᠡᠨ ᠠᠴᠠ ᠪᠤᠯᠵᠤ ᠬᠢᠵᠢᠭ ᠲᠤ ᠬᠠᠯᠳᠠᠪᠥᠷᠢᠯᠠᠬᠤ᠄ ᠬᠥᠮᠥᠰ ᠬᠤᠯᠤᠭᠠᠨ᠎ᠠ ᠶᠢᠨ ᠬᠢᠵᠢᠭ ᠬᠠᠯᠳᠠᠪᠥᠷᠢᠯᠠᠭᠰᠠᠨ ᠠᠮᠢᠳᠠᠨ ᠢ ᠠᠪᠠᠯᠠᠬᠤ᠂ ᠨᠢᠳᠤᠯᠠᠬᠤ ᠶᠠᠪᠥᠴᠠ ᠳᠤ ᠬᠤᠯᠤᠭᠠᠨ᠎ᠠ ᠶᠢᠨ ᠬᠢᠵᠢᠭ ᠤᠨ ᠪᠠᠺᠲ᠋ᠧᠷᠢ ᠬᠥᠮᠥᠨ ᠤ ᠰᠢᠷᠬ᠎ᠠ ︵ᠳᠣᠶᠢᠯ ᠤᠨ ᠵᠢᠵᠢᠭᠭᠡᠨ ᠰᠢᠯᠪᠤᠷᠠᠭᠰᠠᠨ ᠭᠡᠰᠡᠭ ᠴᠦ︶ ᠪᠠᠷ ᠳᠠᠮᠵᠢᠵᠥ ᠬᠥᠮᠥᠨ ᠤ ᠪᠠᠶ᠎ᠠ ᠳᠤ ᠬᠠᠯᠳᠠᠪᠥᠷᠢᠯᠠᠨ᠎ᠡ᠃      ᠭᠤᠷᠪᠠ ᠳᠤ᠂ ᠠᠮᠢᠰᠬᠤᠯ ᠢᠶᠠᠷ ᠳᠠᠮᠵᠢᠨ ᠬᠠᠯᠳᠠᠪᠥᠷᠢᠯᠠᠬᠤ᠄ ᠠᠭᠤᠰᠬᠢᠨ ᠬᠤᠯᠤᠭᠠᠨ᠎ᠠ ᠶᠢᠨ ᠬᠢᠵᠢᠭ ᠤᠨ ᠡᠪᠡᠳᠴᠢᠳᠡᠨ ᠪᠤᠶᠤ ᠠᠮᠢᠳᠠᠨ ᠤ ᠠᠮᠢᠰᠬᠤᠭᠠᠬᠤ᠂ ᠬᠠᠨᠢᠶᠠᠬᠤ ᠠᠴᠠ ᠬᠤᠯᠤᠭᠠᠨ᠎ᠠ ᠶᠢᠨ ᠬᠢᠵᠢᠭ ᠤᠨ ᠪᠠᠺᠲ᠋ᠧᠷᠢ ᠤᠷᠴᠢᠨ ᠳᠤᠭᠤᠷᠢᠨ ᠤ ᠠᠭᠠᠷ ᠲᠤ ᠳᠠᠷᠬᠠᠵᠤ᠂ ᠠᠭᠤᠰᠬᠢᠨ ᠤ ᠬᠤᠯᠤᠭᠠᠨ᠎ᠠ ᠶᠢᠨ ᠬᠢᠵᠢᠭ ᠬᠠᠯᠳᠠᠪᠥᠷᠢᠯᠠᠨ᠎ᠠ᠃      ᠳᠡᠭᠡᠪᠡᠯ᠂ ᠬᠤᠯᠤᠭᠠᠨ᠎ᠠ ᠶᠢᠨ ᠬᠢᠵᠢᠭ ᠢ ᠪᠢᠳᠡ ᠬᠡᠷᠬᠢᠨ ᠰᠡᠷᠭᠡᠶᠢᠯᠡᠪᠡᠯ ᠵᠤᠬᠢᠬᠤ ᠪᠤᠢ︖ ᠯᠢᠮᠪᠠ ᠶᠢᠨ ᠬᠤᠯᠤᠭᠠᠨ᠎ᠠ ᠶᠢᠨ ᠬᠢᠵᠢᠭ᠂ ᠠᠭᠤᠰᠬᠢᠨ ᠤ ᠬᠤᠯᠤᠭᠠᠨ᠎ᠠ ᠶᠢᠨ ᠬᠢᠵᠢᠭ᠂ ᠬᠡᠳᠡᠰᠤᠨ ᠤ ᠬᠤᠯᠤᠭᠠᠨ᠎ᠠ  ᠶᠢᠨ ᠬᠢᠵᠢᠭ ᠭᠡᠰᠡᠨ ᠦᠭᠡᠢ᠂ ᠡᠰᠡᠭᠦᠯ᠎ᠡ ᠪᠤᠰᠤᠳ ᠳᠥᠷᠥᠯ ᠤᠨ ᠬᠤᠯᠤᠭᠠᠨ᠎ᠠ ᠶᠢᠨ ᠬᠢᠵᠢᠭ ᠪᠤᠯᠤᠭᠰᠠᠨ ᠴᠦ᠂ ᠰᠡᠷᠭᠡᠶᠢᠯᠡᠬᠦ ᠠᠷᠭ᠎ᠠ ᠨᠢ ᠪᠥᠷ ᠨᠢᠭᠡᠳᠥᠯᠳᠡᠢ ᠶᠤᠮ᠃      ᠡᠩ ᠳᠡᠷᠢᠭᠦᠨ ᠳᠤ᠂ ᠪᠢᠳᠡ ᠬᠢᠵᠢᠭ ᠡᠭᠦᠰᠥᠭᠰᠡᠨ ᠭᠠᠵᠠᠷ ᠤᠴᠢᠵᠤ ᠪᠤᠯᠬᠤ ᠦᠭᠡᠢ᠃ ᠬᠢᠵᠢᠭ ᠡᠭᠦᠰᠥᠭᠰᠡᠨ ᠭᠠᠵᠠᠷ ᠪᠥᠷ ᠬᠤᠷᠢᠭ᠎ᠠ ᠴᠠᠭᠠᠵᠠ ᠲᠠᠢ ᠪᠠᠶᠢᠳᠠᠭ᠂ ᠶᠠᠭᠠᠬᠢᠭᠰᠠᠨ ᠴᠦ ᠤᠷᠤᠵᠤ ᠪᠤᠯᠬᠤ ᠦᠭᠡᠢ᠃      ᠬᠤᠶᠠᠷ ᠲᠤ᠂ ᠬᠢᠵᠢᠭ ᠡᠭᠦᠰᠴᠥ ᠥᠩᠭᠡᠷᠡᠭᠰᠡᠨ ᠭᠠᠵᠠᠷ ᠪᠤᠯᠬᠤ ᠶᠢᠨ ᠳᠤᠳᠤᠷ᠎ᠠ ᠤᠴᠢᠬᠤ ᠦᠭᠡᠢ᠃ ᠮᠠᠨ ᠤ ᠬᠤᠰᠢᠭᠤᠨ ᠤ ᠬᠢᠵᠢᠭ ᠡᠭᠦᠰᠴᠥ ᠥᠩᠭᠡᠷᠡᠭᠰᠡᠨ ᠭᠠᠵᠠᠷ ᠴᠥᠮ ᠰᠡᠷᠡᠮᠵᠢ ᠶᠢᠨ ᠳᠡᠮᠳᠡᠭ ᠲᠠᠢ ᠪᠠᠶᠢᠵᠤ᠂ ᠪᠤᠯᠬᠤ ᠶᠢᠨ ᠳᠣᠳᠣᠷ᠎ᠠ ᠪᠢᠳᠡᠭᠡᠢ ᠤᠴᠢᠭᠠᠷᠠᠢ᠃ ᠬᠡᠷᠪᠡ ᠦᠢᠯᠡᠳᠪᠥᠷᠢᠯᠡᠯ ᠠᠮᠢᠳᠣᠷᠠᠯ ᠤᠨ ᠴᠢᠬᠤᠯᠠᠴᠢᠯᠠᠭ᠎ᠠ ᠠᠴᠠ ᠵᠠᠪᠠᠯ ᠤᠴᠢᠬᠤ ᠬᠡᠷᠡᠭᠴᠡᠭᠡ ᠲᠠᠢ ᠪᠤᠯ᠂ ᠡᠷᠭᠡᠪᠰᠢ ᠰᠡᠷᠭᠡᠶᠢᠯᠡᠨ ᠬᠠᠮᠠᠭᠠᠯᠠᠯᠳᠠ ᠪᠠᠨ ᠰᠠᠶᠢᠳᠥᠷ ᠬᠢᠵᠥ᠂ ᠭᠤᠤᠯᠳᠠᠭᠤ ᠨᠤᠬᠠᠢ ᠶᠢᠨ ᠪᠥᠭᠡᠰᠥ ᠠᠴᠠ ᠰᠡᠷᠭᠡᠶᠢᠯᠡᠬᠦ ᠤᠶᠢᠮᠤᠰᠤ ᠡᠮᠥᠰᠴᠥ᠂ ᠳᠣᠷ᠎ᠠ ᠪᠠᠷ ᠢᠶᠠᠨ ᠭᠠᠵᠠᠷ ᠰᠠᠭᠤᠵᠤ ᠬᠡᠪᠳᠡᠵᠥ ᠪᠤᠯᠬᠤ ᠦᠭᠡᠢ᠃ ᠤᠴᠢᠷ ᠨᠢ ᠬᠤᠯᠤᠭᠠᠨ᠎ᠠ ᠶᠢᠨ ᠬᠢᠵᠢᠭ ᠬᠠᠯᠳᠠᠪᠥᠷᠢᠯᠠᠬᠤ ᠵᠠᠮ ᠨᠢ ᠬᠤᠯᠤᠭᠠᠨ᠎ᠠ ᠠᠴᠠ ᠨᠤᠬᠠᠢ ᠶᠢᠨ ᠪᠥᠭᠡᠰᠥᠨ ᠳᠤ᠂ ᠨᠤᠬᠠᠢ ᠶᠢᠨ ᠪᠥᠭᠡᠰᠥᠨ ᠠᠴᠠ ᠬᠥᠮᠥᠨ ᠳᠤ ᠬᠠᠯᠳᠠᠪᠥᠷᠢᠯᠠᠳᠠᠭ᠂ ᠨᠤᠬᠠᠢ ᠶᠢᠨ ᠪᠥᠭᠡᠰᠥ ᠶᠢ ᠰᠡᠷᠭᠡᠶᠢᠯᠡᠵᠥ ᠴᠢᠳᠠᠪᠠᠯ ᠬᠤᠯᠤᠭᠠᠨ᠎ᠠ ᠶᠢᠨ ᠬᠢᠵᠢᠭ ᠢ ᠰᠡᠷᠭᠡᠶᠢᠯᠡᠵᠥ ᠴᠢᠳᠠᠨ᠎ᠠ᠃      ᠭᠤᠷᠪᠠ ᠳᠤ ᠂ ᠬᠤᠯᠤᠭᠠᠨ᠎ᠠ ᠶᠢᠨ ᠬᠢᠵᠢᠭ ᠤᠨ ᠳᠥᠭᠰᠢᠭᠦᠷᠢ ᠶᠢᠨ ᠤᠷᠤᠨ ᠤ ᠬᠥᠮᠥᠰ ᠡᠷᠭᠡᠪᠰᠢ ᠥᠪᠡᠷ ᠢ  ᠪᠠᠨ ᠬᠠᠮᠠᠭᠠᠯᠠᠬᠤ ᠵᠠᠩ ᠳᠠᠳᠬᠠᠯ ᠢ ᠪᠤᠢ ᠪᠤᠯᠭᠠᠵᠤ᠂ ᠣᠨᠴᠠᠭᠠᠶᠢᠯᠠᠨ ᠬᠤᠨᠢᠴᠢᠨ ᠪᠤᠶᠤ ᠬᠡᠭᠡᠷ᠎ᠡ ᠭᠠᠳᠠᠨ᠎ᠠ ᠠᠵᠢᠯᠯᠠᠭᠰᠠᠳ ᠨᠤᠬᠠᠢ ᠶᠢᠨ ᠪᠥᠭᠡᠰᠥ ᠶᠢ ᠰᠡᠷᠭᠡᠶᠢᠯᠡᠬᠦ ᠤᠶᠢᠮᠤᠰᠥ ᠡᠮᠥᠰᠴᠥ᠂ ᠬᠠᠮᠤᠭ ᠰᠠᠶᠢᠨ ᠨᠢ ᠳᠥᠭᠦᠮ ᠠᠪᠰᠠᠷᠬᠠᠨ ᠰᠠᠨᠳᠠᠯᠢ ᠠᠪᠴᠤ ᠭᠠᠵᠠᠷ ᠰᠠᠭᠤᠬᠤ ᠠᠴᠠ ᠵᠠᠶᠢᠯᠠᠰᠬᠢᠨ᠎ᠠ᠃       ᠳᠥᠷᠪᠡ ᠳᠤ᠂ ᠭᠡᠷ ᠲᠡᠭᠡᠨ ᠮᠤᠤᠷ ᠳᠡᠵᠢᠭᠡᠬᠦ ᠶᠢ ᠳᠡᠪᠴᠢᠨ᠎ᠠ᠃ ᠤᠴᠢᠷ ᠨᠢ ᠮᠤᠤᠷ ᠬᠤᠯᠤᠭᠠᠨ᠎ᠠ ᠶᠢ ᠪᠠᠷᠢᠵᠥ᠂ ᠬᠤᠯᠤᠭᠠᠨ᠎ᠠ ᠶᠢᠨ ᠪᠠᠶ᠎ᠠ ᠳᠡᠭᠡᠷᠡᠭᠢ ᠨᠤᠬᠠᠢ ᠶᠢᠨ ᠪᠥᠭᠡᠰᠥ ᠶᠢ ᠬᠢᠯᠪᠠᠷᠬᠠᠨ ᠭᠡᠷ ᠲᠤ ᠠᠪᠴᠥ ᠢᠷᠡᠨ᠎ᠡ᠃ ᠳᠡᠬᠢᠪᠡᠯ ᠪᠠᠰᠠ ᠨᠤᠬᠠᠢ ᠪᠠᠨ ᠰᠠᠶᠢᠳᠥᠷ ᠬᠢᠨᠵᠢᠯᠡᠵᠥ ᠬᠤᠯᠤᠭᠠᠨ᠎ᠠ ᠪᠠᠷᠢᠬᠤ ᠠᠴᠠ ᠰᠡᠷᠭᠡᠶᠢᠯᠡᠨ᠎ᠡ᠃       ᠳᠠᠪᠦ ᠳᠤ᠂ ᠬᠡᠭᠡᠷ᠎ᠡ ᠶᠢᠨ ᠵᠡᠷᠯᠢᠭ ᠠᠮᠢᠳᠠᠨ ᠢ ᠠᠪᠠᠯᠠᠬᠤ ᠦᠭᠡᠢ᠃ ᠬᠡᠭᠡᠷ᠎ᠡ ᠶᠢᠨ ᠵᠡᠷᠯᠢᠭ ᠠᠮᠢᠳᠠᠨ ᠢ ᠠᠪᠠᠯᠠᠵᠤ ᠪᠠᠷᠢᠵᠥ ᠢᠳᠡᠭᠦ ᠨᠢ ᠬᠢᠵᠢᠭ ᠲᠤ ᠬᠠᠯᠳᠠᠪᠥᠷᠢᠯᠡᠬᠤ ᠠᠶᠤᠯᠳᠠᠢ᠂ ᠡᠶᠢᠮᠥ ᠠᠴᠠ ᠬᠡᠭᠡᠷ᠎ᠡ ᠶᠢᠨ ᠵᠡᠷᠯᠢᠭ ᠠᠮᠢᠳᠠᠨ ᠢ ᠠᠪᠠᠯᠠᠬᠤ ᠦᠭᠡᠢ ᠪᠠᠶᠢᠬᠤ ᠬᠡᠷᠡᠭᠳᠡᠢ᠃      ᠤᠯᠠᠨ ᠢᠶᠠᠷ ᠢᠶᠠᠨ ᠬᠤᠰᠢᠭᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠭᠦ ᠵᠢᠯᠤᠭᠤᠳᠬᠤ ᠭᠡᠯᠳᠡᠰ ᠤᠨ ᠠᠵᠢᠯ ᠲᠠᠢ ᠢᠳᠡᠪᠬᠢᠳᠡᠢ ᠬᠠᠮᠵᠢᠯᠴᠠᠨ᠂ ︽ᠭᠤᠷᠪᠠᠨ ᠥᠯᠥ ᠪᠤᠯᠬᠤ᠂ ᠭᠤᠷᠪᠠ ᠶᠢ ᠮᠡᠳᠡᠭᠦᠯᠬᠦ︾ ᠶᠢ ᠪᠠᠷᠢᠮᠳᠠᠯᠠᠬᠤ ᠬᠡᠷᠡᠭᠳᠡᠢ᠃       ︽ᠭᠤᠷᠪᠠᠨ ᠥᠯᠥ ᠪᠤᠯᠬᠤ︾ ᠨᠢ ᠳᠠᠷᠤᠢ ᠬᠢᠵᠢᠭ ᠤᠨ ᠡᠭᠦᠰᠥᠯᠳᠡ ᠶᠢᠨ ᠭᠠᠵᠠᠷ ᠤᠷᠤᠨ ᠳᠤ ᠠᠩᠨᠠᠵᠤ ᠪᠤᠯᠬᠤ ᠦᠭᠡᠢ᠂ ᠬᠢᠵᠢᠭ ᠤᠨ ᠡᠭᠦᠰᠥᠯᠳᠡ ᠶᠢᠨ ᠭᠠᠵᠠᠷ ᠤᠷᠤᠨ ᠤ ᠠᠮᠢᠳᠠᠨ ᠢ ᠥᠪᠴᠢᠵᠥ ᠢᠳᠡᠵᠤ ᠪᠤᠯᠬᠤ ᠦᠭᠡᠢ ᠂ ᠬᠢᠵᠢᠭ ᠤᠨ ᠡᠭᠦᠰᠥᠯᠳᠡ ᠶᠢᠨ ᠭᠠᠵᠠᠷ ᠤᠷᠤᠨ ᠤ ᠠᠮᠢᠳᠠᠨ ᠢ ᠠᠪᠴᠥ ᠶᠠᠪᠤᠵᠥ ᠪᠤᠯᠬᠤ ᠦᠭᠡᠢ᠃       ︽ᠭᠤᠷᠪᠠ ᠶᠢ ᠮᠡᠳᠡᠭᠦᠯᠬᠦ︾ ᠨᠢ ᠳᠠᠷᠤᠢ ᠡᠪᠡᠳᠴᠢᠨ ᠢᠶᠠᠷ ᠥᠭᠦᠭᠰᠡᠨ ᠬᠤᠯᠤᠭᠠᠨ᠎ᠠ ᠶᠢ ᠮᠡᠳᠡᠭᠦᠯᠬᠦ᠂ ᠬᠤᠯᠤᠭᠠᠨ᠎ᠠ ᠶᠢᠨ ᠬᠢᠵᠢᠭ ᠤᠨ ᠰᠡᠵᠢᠭ ᠲᠠᠢ ᠡᠪᠡᠳᠴᠢᠳᠡᠨ ᠢ ᠮᠡᠳᠡᠭᠦᠯᠬᠦ᠂ ᠰᠢᠯᠳᠠᠭᠠᠨ ᠨᠢ ᠳᠣᠳᠣᠷᠬᠠᠢ ᠦᠭᠡᠢ ᠶᠡᠭᠡ ᠬᠠᠯᠠᠭᠤᠷᠠᠵᠤ ᠪᠠᠶᠢᠭ᠎ᠠ ᠡᠪᠡᠳᠴᠢᠳᠡᠨ ᠪᠤᠶᠤ ᠬᠡᠨᠡᠳᠳᠡ ᠥᠭᠦᠭᠰᠡᠨ ᠡᠪᠡᠳᠴᠢᠳᠡᠨ ᠢ ᠮᠡᠳᠡᠭᠦᠯᠬᠦ ᠠᠵᠢᠯ ᠢ ᠰᠠᠶᠢᠳᠥᠷ ᠬᠢᠵᠥ᠂ ᠬᠤᠪᠢ ᠪᠠᠶ᠎ᠠ ᠶᠢᠨ ᠬᠠᠮᠠᠭᠠᠯᠠᠯᠳᠠ ᠪᠠᠨ ᠴᠢᠩᠭᠠᠳᠬᠠᠵᠤ᠂ ᠭᠡᠷᠪᠡ ᠬᠠᠯᠠᠭᠤᠷᠠᠬᠤ᠂ ᠯᠢᠮᠪᠠ ᠶᠢᠨ ᠪᠤᠯᠴᠢᠷᠬᠠᠢ ᠬᠠᠪᠤᠳᠬᠤ᠂ ᠬᠠᠨᠢᠶᠠᠯᠭᠠᠬᠤ ᠵᠡᠷᠭᠡ ᠢᠯᠡᠷᠡᠯ ᠭᠠᠷᠪᠠᠯ ᠳᠠᠷᠤᠢ ᠳᠥᠷᠭᠡᠨ ᠡᠮᠨᠡᠯᠭᠡ ᠶᠢᠨ ᠬᠤᠷᠢᠶᠠᠨ ᠳᠤ ᠤᠴᠢᠬᠤ ᠬᠡᠷᠡᠭᠳᠡᠢ᠃ ᠡᠭᠦᠨ ᠳᠤ ᠬᠠᠮᠳᠥ ᠤᠶᠢᠷ᠎ᠠ ᠬᠠᠪᠢ ᠶᠢᠨ ᠬᠥᠮᠥᠨ ᠤ ᠪᠠᠶ᠎ᠠ ᠶᠢᠨ ᠡᠷᠡᠭᠦᠯ ᠴᠢᠬᠢᠷᠠᠭ ᠤᠨ ᠪᠠᠶᠢᠳᠠᠯ ᠳᠤ ᠠᠩᠬᠠᠷᠤᠯ ᠢᠶᠠᠨ ᠳᠠᠯᠪᠢᠵᠥ᠂ ᠤᠯᠠᠨ ᠢᠶᠠᠷ ᠢᠶᠠᠨ ᠰᠡᠳᠬᠢᠯ ᠨᠢᠭᠡᠳᠥᠨ ᠬᠥᠴᠥ ᠪᠠᠨ ᠬᠠᠮᠳᠥᠷᠠᠭᠤᠯᠵᠥ ᠡᠨᠡ ᠤᠳᠠᠭᠠᠨ  ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠭᠦ ᠳᠠᠶᠢᠯᠠᠯᠳᠤᠭᠠᠨ ᠤ ᠢᠯᠠᠯᠳᠡ ᠶᠢ ᠳᠡᠮᠡᠴᠡᠨ ᠤᠯᠰᠤᠭᠠᠢ︕                   ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠬᠤᠯᠤᠭᠠᠨ᠎ᠠ ᠶᠢᠨ                      ᠬᠢᠵᠢᠭ ᠢ ᠰᠡᠷᠭᠡᠶᠢᠯᠡᠨ ᠡᠵᠡᠮᠳᠡᠭᠦ ᠠᠵᠢᠯ ᠤᠨ ᠵᠢᠯᠤᠭᠤᠳᠬᠤ ᠭᠡᠯᠳᠡᠰ
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号