ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠭᠦ ᠠᠵᠢᠯ  ᠢ ᠪᠥᠭᠦ ᠭᠥᠴᠥᠨ ᠢᠶᠠᠷ ᠢᠶᠠᠨ ᠰᠠᠶᠢᠳᠥᠷ ᠪᠡᠶᠡᠯᠡᠭᠦᠯᠵᠥ ᠪᠠᠶᠢᠨ᠎ᠠ
ᠨᠡᠶᠢᠲᠡᠯᠡᠭᠰᠡᠨ ᠴᠠᠭ᠄
2020-08-12
     2019 ᠤᠨ ᠤ5 ᠰᠠᠷ᠎ᠠ ᠠᠴᠠ ᠬᠤᠯᠤᠭᠠᠨ᠎ᠠ ᠶᠢᠨ ᠬᠢᠵᠢᠭ ᠳᠡᠯᠭᠡᠷᠡᠭᠰᠡᠨ ᠠᠴᠠ ᠨᠠᠰᠢ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤ ᠨᠢ10 ᠭᠠᠴᠠᠭ᠎ᠠ ᠳᠤᠰᠬᠤᠨ ᠢ ᠪᠠᠭᠳᠠᠭᠠᠭᠰᠠᠨ91 ᠳᠡᠭᠰᠢ ᠳᠥᠷᠪᠡᠯᠵᠢᠨ ᠺᠢᠯᠥᠮᠧᠲᠷ ᠤᠨ ᠳᠠᠯᠠᠪᠠᠢ ᠪᠥᠬᠦᠢ27 ᠬᠢᠵᠢᠭ ᠤᠨ ᠳᠣᠭᠤᠷᠢᠭ ᠬᠤᠪᠢᠶᠠᠭᠰᠠᠨ ᠪᠠᠶᠢᠨ᠎ᠠ᠃ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠭᠦ ᠠᠵᠢᠯ ᠢ ᠮᠠᠰᠢ ᠴᠢᠬᠤᠯᠠᠴᠢᠯᠠᠨ᠂ ᠨᠠᠷᠢᠯᠢᠭ ᠪᠥᠳᠥᠮᠵᠢᠳᠡᠢ ᠠᠷᠭ᠎ᠠ ᠬᠡᠮᠵᠢᠶ᠎ᠡ ᠠᠪᠴᠤ ᠬᠤᠯᠪᠤᠭᠠᠯᠠᠨ ᠰᠡᠷᠭᠡᠶᠢᠯᠡᠨ ᠡᠵᠡᠮᠳᠡᠵᠥ᠂ ᠪᠥᠬᠦ ᠬᠤᠰᠢᠭᠤ ᠪᠠᠷ ᠢᠶᠠᠨ ᠬᠤᠯᠤᠭᠠᠨ᠎ᠠ ᠤᠰᠠᠳᠬᠠᠬᠤ᠂ ᠨᠤᠬᠠᠢ ᠶᠢᠨ ᠪᠥᠭᠡᠰᠥ ᠤᠰᠠᠳᠬᠠᠬᠤ ᠪᠠ ᠤᠬᠠᠭᠤᠯᠭ᠎ᠠ ᠬᠥᠮᠥᠵᠢᠯ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠵᠡᠷᠭᠡ ᠡᠯ᠎ᠡ ᠳᠥᠷᠥᠯ ᠤᠨ ᠠᠵᠢᠯ ᠢ ᠪᠥᠭᠦ ᠬᠥᠴᠥᠨ ᠢᠶᠠᠷ ᠢᠶᠠᠨ ᠥᠷᠨᠢᠭᠦᠯᠥᠭᠰᠡᠨ ᠪᠠᠶᠢᠨ᠎ᠠ᠃ ᠤᠳᠤᠬᠠᠨ ᠳᠤ᠂24 ᠬᠢᠵᠢᠭ ᠤᠨ ᠳᠣᠭᠤᠷᠢᠭ ᠨᠢ ᠠᠵᠢᠯ ᠢᠶᠠᠨ ᠳᠠᠭᠤᠰᠬᠠᠬᠤ ᠶᠢᠨ ᠬᠠᠮᠳᠥ ᠬᠤᠳᠠ ᠶᠢᠨ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠭᠦ ᠰᠠᠯᠠᠭ᠎ᠠ ᠮᠦᠴᠢᠷ ᠤᠨ ᠰᠢᠯᠭᠠᠯᠳᠠ ᠶᠢ ᠥᠩᠭᠡᠷᠡᠭᠡᠵᠥ᠂2 ᠬᠢᠵᠢᠭ ᠤᠨ ᠴᠡᠭ ᠨᠢ ᠰᠢᠯᠭᠠᠯᠳᠠ ᠬᠥᠯᠢᠶᠡᠨ᠂1 ᠬᠢᠵᠢᠭ ᠤᠨ ᠴᠡᠭ ᠨᠢ ᠶᠠᠭ ᠪᠥᠬᠦ ᠳᠠᠯ᠎ᠠ ᠪᠠᠷ ᠠᠵᠢᠯ ᠢᠶᠠᠨ ᠥᠷᠨᠢᠭᠦᠯᠵᠥ ᠪᠠᠶᠢᠨ᠎ᠠ᠃      ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠭᠦ ᠠᠵᠢᠯ ᠢ ᠮᠠᠰᠢ ᠬᠥᠨᠳᠥᠳᠭᠡᠨ ᠦᠵᠡᠵᠥ᠂ ᠥᠪᠡᠷᠳᠡᠭᠡᠨ ᠵᠠᠰᠠᠬᠤ ᠤᠷᠤᠨ ᠤ ᠨᠠᠮ  ᠤᠨ ᠬᠤᠷᠢᠶᠠᠨ ᠤ ᠱᠥᠵᠢ ᠱᠢ ᠲᠠᠢ ᠹᠧᠩ‌‍ᠲ᠋ᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠳᠤ ᠪᠠᠶᠢᠴᠠᠭᠠᠨ ᠰᠣᠳᠣᠯᠣᠯᠳᠡ ᠬᠢᠭᠦ ᠦᠶᠡᠰ᠂ ᠬᠤᠰᠢᠭᠤᠨ ᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠭᠦ ᠳᠥᠪ ᠲᠤ ᠭᠥᠨᠵᠡᠭᠡᠶᠢᠷᠡᠨ᠂ ᠬᠤᠯᠤᠭᠠᠨ᠎ᠠ ᠶᠢᠨ ᠬᠢᠵᠢᠭ ᠰᠡᠷᠭᠡᠶᠢᠯᠡᠨ ᠡᠵᠡᠮᠳᠡᠭᠦ ᠠᠵᠢᠯ ᠢ ᠥᠷᠨᠢᠭᠦᠯᠥᠭᠰᠡᠨ ᠪᠠᠶᠢᠳᠠᠯ ᠢ ᠤᠶᠢᠯᠠᠭᠠᠨ ᠴᠢᠬᠤᠯᠠ ᠵᠢᠭᠠᠪᠥᠷᠢ ᠬᠢᠭᠰᠡᠨ ᠪᠠᠶᠢᠨ᠎ᠠ᠃ ᠥᠪᠡᠷᠳᠡᠭᠡᠨ ᠵᠠᠰᠠᠬᠤ ᠤᠷᠣᠨ ᠤ ᠠᠷᠠᠳ ᠤᠨ ᠳᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠪᠤᠭᠤᠳᠥ ᠬᠤᠳᠠ ᠶᠢᠨ ᠨᠠᠮ ᠤᠨ ᠬᠤᠷᠢᠶᠠᠨ ᠤ ᠱᠥᠵᠢ ᠵᠠᠩ ᠶᠤᠸᠠᠨ ᠵᠥᠩ ᠪᠠ ᠬᠤᠳᠠ ᠶᠢᠨ ᠳᠠᠷᠤᠭ᠎ᠠ ᠵᠤᠥ ᠵᠢᠶᠠᠩ ᠲᠤᠤ ᠬᠢᠵᠢᠭ ᠤᠨ ᠰᠤᠷᠪᠥᠯᠵᠢ ᠶᠢᠨ ᠤᠷᠤᠨ ᠢᠶᠠᠷ ᠤᠯᠠᠨᠳᠠ ᠬᠥᠷᠴᠥ ᠠᠵᠢᠯ ᠵᠢᠯᠤᠭᠤᠳᠤᠨ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠭᠦ ᠠᠵᠢᠯ ᠢ ᠪᠥᠳᠥᠮᠵᠢᠳᠡᠢ ᠠᠬᠢᠭᠤᠯᠤᠭᠰᠠᠨ ᠪᠠᠶᠢᠨ᠎ᠠ᠃      2020 ᠤᠨ ᠤ8 ᠰᠠᠷ᠎ᠠ ᠶᠢᠨ2 ᠤ ᠡᠳᠥᠷ᠂ ᠬᠤᠰᠢᠭᠤᠨ ᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠭᠦ ᠳᠥᠪ ᠤᠨ ᠬᠢᠨ ᠰᠢᠪᠠᠷᠭᠦᠷᠢᠶ᠎ᠡ ᠪᠠᠯᠭᠠᠰᠣᠨ ᠤ ᠥᠨᠳᠥᠷ ᠪᠤᠯᠤᠩ ᠳᠤᠰᠬᠤᠨ ᠤ ᠰᠡᠭᠦᠵᠢ ᠰᠢᠨ᠎ᠡ ᠳᠣᠰᠬᠤᠨ ᠳᠤ ᠨᠢᠭᠡ ᠬᠥᠮᠥᠨ ᠳᠥᠷᠭᠡᠨ ᠡᠪᠡᠳᠴᠢᠨ ᠢᠶᠠᠷ ᠨᠠᠰᠤ ᠪᠠᠷᠠᠭᠰᠠᠨ ᠮᠡᠳᠡᠭᠦᠯᠥᠯᠳᠡ ᠶᠢ ᠤᠯᠤᠭᠰᠠᠨ ᠤ ᠳᠠᠷᠠᠭ᠎ᠠ᠂ ᠳᠠᠷᠡ ᠳᠠᠷᠤᠢ ᠳᠤ ᠨᠢ ᠨᠠᠰᠤ ᠪᠠᠷᠠᠭᠰᠠᠨ ᠬᠥᠮᠥᠨ ᠤ ᠭᠡᠷ ᠲᠤ ᠬᠥᠷᠴᠥ ᠵᠠᠭᠪᠤᠷ ᠠᠪᠴᠤ᠂8 ᠰᠠᠷ᠎ᠠ ᠶᠢᠨ3 ᠤ ᠡᠳᠥᠷ᠂ ᠤᠷᠤᠨ ᠬᠤᠳᠠ ᠬᠤᠰᠢᠭᠤ ᠭᠤᠷᠪᠠᠨ ᠱᠠᠳᠣᠨ ᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠭᠦ ᠳᠥᠪ ᠠᠴᠠPCR ᠪᠥᠭᠡᠮ ᠭᠥᠴᠢᠯ ᠤᠨ ᠪᠠᠶᠢᠴᠠᠭᠠᠯᠳᠠ ᠬᠢᠵᠥ᠂8 ᠰᠠᠷ᠎ᠠ ᠶᠢᠨ6 ᠤ ᠡᠳᠥᠷ ᠡᠮ ᠡᠮᠴᠢᠯᠡᠭᠡᠨ ᠤ ᠳᠣᠰᠬᠠᠢ ᠮᠡᠷᠭᠡᠵᠢᠯᠳᠡᠨ  ᠤ ᠳᠣᠭᠤᠶᠢᠯᠠᠩ ᠠᠴᠠ ᠮᠠᠲ᠋ᠧᠷᠢᠶᠠᠯ ᠵᠢᠴᠢ ᠳᠤᠷᠰᠢᠯᠳᠡ ᠶᠢᠨ ᠦᠷ᠎ᠡ ᠳ᠋ᠦᠩ ᠢ ᠥᠨᠳᠥᠰᠥᠯᠡᠨ᠂ ᠳᠣᠰ ᠡᠪᠡᠳᠴᠢᠳᠡᠨ ᠬᠡᠳᠡᠰᠤᠨ ᠤ ᠬᠡᠯᠪᠡᠷᠢ ᠶᠢᠨ ᠬᠤᠯᠤᠭᠠᠨ᠎ᠠ ᠶᠢᠨ ᠬᠢᠵᠢᠭ ᠲᠤ ᠨᠡᠷᠪᠡᠭᠳᠡᠨ᠂ ᠡᠷᠬᠢᠯᠳᠡ ᠶᠢᠨ ᠰᠢᠰᠲ᠋ᠧᠮ ᠤᠨ ᠠᠵᠢᠯᠯᠠᠭ᠎ᠠ ᠮᠠᠭᠤᠳᠠᠭᠰᠠᠨ ᠠᠴᠠ ᠪᠤᠯᠵᠤ ᠨᠠᠰᠤ ᠪᠠᠷᠠᠭᠰᠠᠨ ᠬᠡᠵᠥ ᠨᠤᠳᠠᠯᠠᠭᠰᠠᠨ ᠪᠠᠶᠢᠨ᠎ᠠ᠃ ᠳᠤᠰ ᠡᠳᠥᠷ᠂ ᠪᠤᠭᠤᠳᠥ ᠬᠤᠳᠠ  ᠶᠢᠨ ᠡᠷᠡᠭᠦᠯ ᠬᠠᠮᠠᠭᠠᠯᠠᠯ ᠡᠷᠡᠭᠦᠯ ᠮᠡᠨᠳᠥ ᠶᠢᠨ ᠵᠥᠪᠯᠡᠯ ᠠᠴᠠ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠬᠤᠯᠤᠭᠠᠨ᠎ᠠ ᠶᠢᠨ ᠬᠢᠵᠢᠭ ᠶᠢᠨ ᠬᠢᠵᠢᠭ ᠤᠨ ᠪᠠᠶᠢᠳᠠᠯ ᠤᠨ ᠭᠤᠷᠪᠠᠳᠣᠭᠠᠷ ᠳᠡᠰ ᠤᠨ ᠰᠡᠷᠡᠮᠵᠢ ᠶᠢᠨ ᠳᠤᠬᠢᠶ᠎ᠠ ᠶᠢ ᠨᠠᠶᠢᠳᠠᠯᠠᠨ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ ᠳᠥᠷᠪᠡᠳᠥᠭᠡᠷ ᠳᠡᠰ ᠤᠨ ᠪᠠᠴᠢᠮ ᠪᠠᠶᠢᠳᠠᠯ ᠢ ᠠᠷᠭᠠᠴᠠᠬᠤ ᠪᠠᠷ ᠨᠡᠶᠢᠳᠡᠯᠡᠭᠰᠡᠨ ᠪᠠᠶᠢᠨ᠎ᠠ᠃      8 ᠰᠠᠷ᠎ᠠ ᠶᠢᠨ2 ᠤ ᠡᠳᠥᠷ᠂ ᠬᠢᠵᠢᠭ ᠤᠨ ᠪᠠᠶᠢᠳᠠᠯ ᠢᠯᠡᠷᠡᠭᠰᠡᠨ ᠤ ᠳᠠᠷᠠᠭ᠎ᠠ᠂ ᠥᠪᠡᠷᠳᠡᠭᠡᠨ ᠵᠠᠰᠠᠬᠤ ᠤᠷᠤᠨ ᠂ ᠪᠤᠭᠤᠳᠥ ᠬᠤᠳᠠ ᠪᠠ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠬᠤᠯᠪᠤᠭᠳᠠᠯ ᠪᠥᠬᠦᠢ ᠤᠳᠤᠷᠢᠳᠣᠯᠭ᠎ᠠ᠂ ᠳᠡᠷᠡ ᠳᠠᠷᠤᠶᠢᠬᠠᠨ ᠳᠤᠬᠠᠢ ᠶᠢᠨ ᠳᠠᠯᠠᠪᠠᠢ ᠳᠤ ᠬᠥᠷᠴᠥ ᠪᠠᠴᠢᠮ ᠪᠠᠶᠢᠳᠠᠯ ᠢ ᠰᠢᠢᠳᠪᠥᠷᠢᠯᠡᠭᠦ ᠠᠵᠢᠯ ᠥᠷᠨᠢᠭᠦᠯᠵᠥ᠂ ᠬᠠᠮᠢᠶ᠎ᠠ ᠪᠥᠭᠦᠢ ᠪᠠᠶᠢᠳᠠᠯ ᠢᠶᠠᠨ ᠳᠡᠭᠡᠭᠰᠢ ᠮᠡᠳᠡᠭᠦᠯᠥᠭᠰᠡᠨ ᠪᠠᠶᠢᠨ᠎ᠠ᠃ ᠨᠢᠭᠡ ᠳᠤ᠂ ᠥᠳᠳᠡᠷ ᠳᠥᠷᠭᠡᠨ ᠪᠥᠬᠦ ᠳᠠᠯ᠎ᠠ  ᠪᠠᠷ ᠪᠠᠶᠢᠷᠢᠯᠠᠭᠤᠯᠤᠨ᠂ ᠪᠠᠴᠢᠮ ᠳᠥᠰᠥᠯ ᠢᠶᠠᠨ ᠴᠠᠭ ᠳᠤᠬᠠᠢ ᠳᠤ ᠨᠢ ᠬᠡᠷᠡᠭᠵᠢᠭᠦᠯᠥᠭᠰᠡᠨ ᠪᠠᠶᠢᠨ᠎ᠠ᠃ ᠬᠤᠰᠢᠭᠤᠨ ᠤ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ ᠪᠠᠷ ᠶᠡᠷᠥᠩᠭᠡᠢ ᠵᠢᠯᠤᠭᠤᠳᠤᠭᠴᠢ ᠪᠤᠯᠭᠠᠭᠰᠠᠨ ᠰᠢᠪᠠᠷᠭᠦᠷᠢᠶ᠎ᠡ ᠪᠠᠯᠭᠠᠰᠤᠨ ᠤ ᠥᠨᠳᠥᠷ ᠪᠤᠯᠤᠩ ᠳᠣᠰᠬᠤᠨ ᠤ ᠬᠤᠯᠤᠭᠠᠨ᠎ᠠ ᠶᠢᠨ ᠬᠢᠵᠢᠭ ᠤᠨ ᠪᠠᠴᠢᠮ ᠪᠠᠶᠢᠳᠠᠯ ᠢ ᠰᠢᠢᠳᠪᠥᠷᠢᠯᠡᠭᠦ ᠠᠵᠢᠯ ᠤᠨ ᠵᠢᠯᠤᠭᠤᠳᠬᠤ ᠭᠠᠵᠠᠷ ᠢ ᠪᠠᠶᠢᠭᠤᠯᠤᠨ᠂ ᠬᠠᠷᠢᠭᠤᠴᠠᠯᠭ᠎ᠠ ᠪᠠᠨ ᠳᠤᠳᠤᠳᠬᠠᠨ᠂ ᠳᠣᠬᠠᠢ ᠶᠢᠨ ᠳᠠᠯᠠᠪᠠᠢ  ᠶᠢᠨ ᠠᠷᠢᠭᠤᠳᠬᠠᠨ ᠤᠰᠠᠳᠬᠠᠬᠤ᠂ ᠬᠠᠮᠢᠶᠠᠷᠴᠥ ᠡᠵᠡᠮᠳᠡᠭᠦ᠂ ᠬᠠᠯᠳᠠᠪᠥᠷᠢᠳᠥ ᠡᠪᠡᠳᠴᠢᠨ ᠤ ᠪᠠᠶᠢᠴᠠᠭᠠᠯᠳᠡ᠂ ᠡᠪᠡᠳᠴᠢᠨ ᠤ ᠵᠠᠳᠠᠯᠤᠯᠤᠳᠠ᠂ ᠰᠢᠢᠳᠪᠥᠷᠢᠯᠡᠭᠦ ᠵᠡᠷᠭᠡ ᠠᠵᠢᠯ ᠢ ᠨᠢᠭᠡᠳᠥᠯᠳᠡᠢ ᠳᠥᠯᠥᠪᠯᠡᠨ ᠥᠷᠨᠢᠭᠦᠯᠵᠤ᠂ ᠰᠢᠢᠳᠪᠥᠷᠢᠯᠡᠭᠦ ᠠᠵᠢᠯ ᠤᠨ ᠤᠳᠤᠷᠢᠳᠤᠯᠭ᠎ᠠ ᠪᠠᠨ ᠪᠥᠬᠦ ᠳᠠᠯ᠎ᠠ ᠪᠠᠷ ᠴᠢᠩᠭᠠᠳᠬᠠᠨ᠂ ᠰᠡᠷᠭᠡᠶᠢᠯᠡᠨ ᠡᠵᠡᠮᠳᠡᠭᠦ ᠰᠢᠢᠳᠪᠥᠷᠢᠯᠡᠭᠦ ᠡᠯ᠎ᠡ ᠳᠥᠷᠥᠯ ᠤᠨ ᠠᠵᠢᠯ ᠢ ᠨᠢᠭᠡᠳᠥᠯᠳᠡᠢ ᠳᠥᠯᠥᠪᠯᠡᠨ ᠠᠳᠬᠤᠭᠰᠠᠨ ᠪᠠᠶᠢᠨ᠎ᠠ᠃ ᠬᠤᠶᠠᠷ ᠲᠤᠬᠠᠯᠳᠠᠪᠤᠷᠢᠳᠥ ᠡᠪᠡᠳᠴᠢᠨ ᠤ ᠤᠬᠠᠭᠠᠨ ᠤ ᠪᠠᠶᠢᠴᠠᠭᠠᠯᠳᠠ ᠶᠢ ᠬᠥᠨᠵᠡᠭᠡᠶᠢᠷᠡᠭᠦᠯᠥᠨ ᠥᠷᠨᠢᠭᠦᠯᠥᠭᠰᠡᠨ ᠪᠠᠶᠢᠨ᠎ᠠ᠃ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠥ ᠶᠢᠨ ᠵᠥᠪᠯᠡᠯ᠂ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠭᠦ ᠰᠠᠯᠠᠭ᠎ᠠ ᠮᠦᠴᠢᠷ ᠠᠴᠠ ᠨᠠᠰᠤ ᠪᠠᠷᠠᠭᠰᠠᠨ ᠡᠪᠡᠳᠴᠢᠳᠡᠨ ᠤ9 ᠡᠳᠥᠷ ᠤᠨ ᠠᠮᠢᠳᠤᠷᠠᠯ ᠤᠨ ᠵᠠᠮ ᠮᠥᠷ ᠢᠶᠠᠷ ᠬᠠᠯᠳᠠᠪᠤᠷᠢᠳᠥ ᠡᠪᠡᠳᠴᠢᠨ ᠤ ᠪᠠᠶᠢᠴᠠᠭᠠᠯᠳᠡ ᠬᠢᠵᠥ᠂ ᠨᠢᠭᠳᠠ ᠤᠶᠢᠷᠠᠳᠣᠭᠰᠠᠳ  ᠤᠨ ᠬᠥᠷᠢᠶ᠎ᠡ ᠬᠡᠪᠴᠢᠶ᠎ᠠ ᠶᠢ ᠤᠷᠬᠢᠭᠳᠠᠭᠤᠯᠤᠯ ᠦᠭᠡᠢ ᠤᠨᠤᠪᠴᠢᠳᠠᠢ ᠤᠶᠢᠯᠠᠭᠠᠵᠤ ᠡᠵᠡᠮᠰᠢᠭᠰᠡᠨ ᠪᠠᠶᠢᠨ᠎ᠠ᠃ ᠭᠤᠷᠪᠠ  ᠳᠤ᠂ ᠡᠷᠡᠰ‌‍ᠴᠢᠩᠭ᠎ᠠ ᠲᠤᠰᠠᠭᠠᠷᠯᠠᠯᠲᠠ ᠬᠠᠮᠢᠶᠠᠷᠤᠯᠲᠠ ᠶᠢ ᠬᠡᠷᠡᠭᠵᠢᠭᠦᠯᠦᠭᠰᠡᠨ ᠪᠠᠶᠢᠨ᠎ᠠ᠃ ᠨᠠᠰᠤ ᠪᠠᠷᠠᠭᠰᠠᠨ ᠡᠪᠡᠳᠴᠢᠲᠡᠨ ᠤ ᠰᠠᠭᠤᠵᠤ ᠪᠠᠶᠢᠭᠰᠠᠨ ᠰᠡᠭᠦᠵᠢ ᠰᠢᠨ᠎ᠡ ᠲᠣᠰᠬᠤᠨ ᠢ ᠪᠢᠲᠡᠭᠦᠮᠵᠢᠯᠡᠨ ᠲᠤᠰᠠᠭᠠᠷᠯᠠᠵᠤ᠂ ᠲᠤᠰᠠᠭᠠᠷᠯᠠᠬᠤ ᠬᠦᠷᠢᠶ᠎ᠡ ᠬᠡᠪᠴᠢᠶ᠎ᠡ ᠪᠠᠨ ᠲᠣᠭᠲᠠᠭᠠᠨ᠂ 24 ᠴᠠᠭ ᠤᠨ ᠰᠡᠷᠭᠡᠶᠢᠯᠡᠯᠲᠡ ᠶᠢ ᠬᠡᠷᠡᠭᠵᠢᠭᠦᠯᠪᠡ᠃ ᠳᠥᠷᠪᠡ ᠳᠤᠭᠤᠤᠯᠳᠠᠯᠭᠠᠲᠤ ᠬᠥᠮᠦᠰ ᠤᠨ ᠡᠷᠡᠭᠦᠯ‌ᠮᠡᠨᠳᠦ ᠶᠢᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠪᠠᠶᠢᠨ᠎ᠠ᠃ ᠪᠥᠬᠦ ᠨᠢᠭᠲᠠ ᠣᠶᠢᠷᠠᠲᠤᠭᠰᠠᠳ ᠪᠠ ᠰᠡᠭᠦᠵᠢ ᠰᠢᠨ᠎ᠡ ᠲᠣᠰᠬᠤᠨ ᠤ ᠠᠷᠠᠳ ᠢ ᠱᠠᠭᠠᠷᠳᠠᠯᠭ᠎ᠠ ᠶᠣᠰᠣᠭᠠᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢᠨ ᠬᠠᠮᠲᠤ᠂ ᠤᠷᠢᠳᠴᠢᠯᠠᠨ ᠰᠡᠷᠭᠡᠶᠢᠯᠡᠬᠦ ᠡᠮ ᠬᠡᠷᠡᠭᠯᠡᠨ᠂ ᠬᠤᠯᠤᠭᠠᠨ᠎ᠠ ᠶᠢᠨ ᠬᠢᠵᠢᠭ ᠤᠨ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠦᠷ᠎ᠡ ᠳ᠋ᠦᠩ ᠨᠢ ᠪᠦᠷ ᠪᠢᠯᠢᠭ ᠴᠢᠨᠠᠷᠲᠠᠶ ᠪᠠᠶᠢᠵᠤ᠂ ᠬᠠᠯᠠᠭᠤᠷᠠᠬᠤ ᠵᠡᠷᠭᠡ ᠬᠡᠪ ᠤᠨ ᠪᠤᠰᠤ ᠪᠠᠶᠢᠳᠠᠯ ᠢᠯᠡᠷᠡᠭᠰᠡᠨ ᠥᠬᠡᠶ᠃ ᠬᠢᠵᠢᠭ ᠤᠨ ᠣᠷᠣᠨ ᠤ ᠣᠶᠢᠷ᠎ᠠ ᠬᠠᠪᠢ ᠶᠢᠨ ᠲᠣᠰᠬᠤᠨ ᠤ ᠰᠠᠭᠤᠭᠠᠯᠢ ᠠᠷᠠᠳ᠂ ᠬᠢᠵᠢᠭ ᠤᠨ ᠣᠷᠣᠨ ᠤ ᠠᠵᠢᠯ ᠳᠤ ᠣᠷᠣᠯᠴᠠᠭᠰᠠᠨ ᠠᠵᠢᠯᠲᠠᠳ ᠲᠤ ᠤᠷᠢᠳᠴᠢᠯᠠᠭᠰᠠᠨ ᠰᠡᠷᠭᠡᠶᠢᠯᠡᠯᠲᠡ ᠵᠢᠨ‌‍ᠴᠢᠨᠠᠷᠲᠠᠢ ᠡᠮ ᠬᠡᠷᠡᠭᠯᠡᠵᠦ᠂ ᠬᠤᠨᠢᠴᠢᠨ ᠵᠡᠷᠭᠡ ᠬᠡᠭᠡᠷ᠎ᠡ ᠭᠠᠳᠠᠨ᠎ᠠ ᠠᠵᠢᠯᠯᠠᠭᠰᠠᠳ ᠲᠤ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ ᠨᠣᠬᠠᠶ ᠶᠢᠨ ᠪᠥᠭᠡᠰᠦ ᠰᠡᠷᠭᠡᠶᠢᠯᠡᠬᠦ ᠣᠶᠢᠮᠥᠰᠥ ᠲᠠᠷᠬᠠᠭᠠᠨ᠂ ᠬᠤᠪᠢ ᠪᠡᠶ᠎ᠡ ᠶᠢᠨ ᠬᠢᠨᠢ ᠬᠠᠮᠠᠭᠠᠯᠠᠯᠲᠠ ᠶᠢ ᠦᠨᠡᠨᠬᠦ᠂ᠴᠢᠩᠭᠠᠳᠬᠠᠭᠰᠠᠨ ᠪᠠᠶᠢᠨ᠎ᠠ᠃ ᠲᠠᠪᠤ ᠳᠤ ᠂ ᠪᠦᠬᠦ ᠲᠠᠯ᠎ᠠ ᠪᠠᠷ ᠣᠷᠴᠢᠨ ᠲᠣᠭᠤᠷᠢᠨ ᠢ ᠠᠷᠢᠭᠤᠳᠬᠠᠬᠤ ᠪᠠ ᠬᠤᠯᠣᠭᠠᠨ᠎ᠠ᠂ ᠨᠣᠬᠠᠶ ᠶᠢᠨ ᠪᠥᠭᠡᠰᠦ ᠶᠢ ᠤᠰᠠᠳᠬᠠᠬᠤ ᠠᠵᠢᠯ ᠢ ᠥᠷᠨᠢᠭᠦᠯᠦᠭᠰᠡᠨ ᠪᠠᠶᠢᠨ᠎ᠠ᠃ ᠲᠤᠰᠠᠭᠠᠷᠯᠠᠬᠤ ᠣᠷᠣᠨ ᠳᠠᠬᠢ ᠨᠠᠰᠤ ᠪᠠᠷᠠᠭᠰᠠᠨ ᠡᠪᠡᠳᠴᠢᠲᠡᠨ ᠤ ᠣᠷᠣᠨ ᠰᠠᠭᠤᠴᠠ᠂ ᠨᠢᠭᠲᠠ ᠣᠶᠢᠷᠠᠲᠤᠭᠰᠠᠳ ᠤᠨ ᠣᠷᠣᠨ ᠰᠠᠭᠤᠴᠠ ᠵᠢᠴᠢ ᠣᠶᠢᠷ᠎ᠠ ᠬᠠᠪᠢ ᠶᠢᠨ ᠲᠠᠷᠢᠶᠠᠴᠢᠨ ᠠᠶᠢᠯ ᠤᠨ ᠣᠷᠣᠨ ᠰᠠᠭᠤᠴᠠ ᠶᠢ ᠪᠦᠬᠦ ᠲᠠᠯ᠎ᠠ ᠪᠠᠷ ᠠᠷᠢᠭᠤᠳᠬᠠᠨ ᠴᠡᠪᠡᠷᠯᠡᠵᠦ᠂ ᠰᠡᠭᠦᠵᠢ ᠰᠢᠨ᠎ᠡ ᠲᠣᠰᠬᠤᠨ ᠤ ᠵᠡᠭᠡᠯᠢ ᠭᠤᠳᠤᠮᠵᠢ ᠵᠢᠴᠢ ᠣᠶᠢᠷ᠎ᠠ ᠬᠠᠪᠢ ᠶᠢᠨ ᠲᠣᠰᠬᠤᠨ ᠢ ᠠᠷᠢᠭᠤᠳᠬᠠᠵᠤ᠂ ᠲᠣᠰᠬᠤᠨ ᠬᠤᠲᠠ ᠵᠢᠴᠢ ᠣᠶᠢᠷ᠎ᠠ ᠬᠠᠪᠢ ᠶᠢᠨ ᠬᠤᠯᠣᠭᠠᠨ᠎ᠠ᠂ ᠨᠣᠬᠠᠶ ᠶᠢᠨ ᠪᠥᠭᠡᠰᠦ ᠶᠢ ᠤᠰᠠᠳᠬᠠᠬᠤ ᠠᠵᠢᠯ ᠢ ᠥᠷᠨᠢᠭᠦᠯᠪᠡ᠃ ᠮᠤᠤᠷ᠂ ᠨᠣᠬᠠᠶ ᠵᠡᠷᠭᠡ ᠬᠥᠳᠡᠯᠦᠩᠭᠦᠶ ᠴᠢᠨᠠᠷᠲᠠᠶ ᠠᠮᠢᠲᠠᠨ ᠤ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ᠂ ᠪᠥᠬᠦ ᠬᠤᠰᠢᠭᠤᠨ ᠤ ᠪᠣᠶ ᠪᠦᠬᠦᠢ ᠬᠢᠵᠢᠭ ᠤᠨ ᠰᠤᠷᠪᠤᠯᠵᠢ ᠶᠢᠨ ᠭᠠᠵᠠᠷ ᠲᠤ ᠬᠤᠯᠣᠭᠠᠨ᠎ᠠ ᠶᠢ ᠨᠣᠬᠠᠶ ᠶᠢᠨ ᠪᠥᠭᠡᠰᠦ ᠶᠢ ᠤᠰᠠᠳᠬᠠᠬᠤ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠠᠵᠢᠯ ᠢ ᠥᠷᠨᠢᠭᠦᠯᠦᠭᠰᠡᠨ ᠪᠠᠶᠢᠨ᠎ᠠ᠃ ᠵᠢᠷᠭᠤᠭ᠎ᠠ ᠳᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠠᠶ᠃ ᠬᠢᠵᠢᠭ ᠤᠨ ᠪᠠᠶᠢᠳᠠᠯ ᠪᠠ ᠠᠪᠤᠭᠰᠠᠨ ᠠᠷᠭ᠎ᠠ ᠬᠡᠮᠵᠢᠶ᠎ᠡ ᠪᠠᠨ ᠴᠠᠭ ᠲᠤᠬᠠᠢ ᠳᠤ ᠨᠢ ᠣᠶᠢᠷ᠎ᠠ ᠬᠠᠪᠢ ᠶᠢᠨ ᠭᠠᠵᠠᠷ ᠣᠷᠣᠨ ᠳᠤ ᠮᠡᠳᠡᠭᠳᠡᠨ᠂ ᠣᠬᠤᠷ ᠮᠡᠳᠡᠭᠡ᠂ ᠷᠠᠳᠢᠣ᠋ ᠲᠧᠯᠸᠢᠰ ᠨᠡᠪᠲᠡᠷᠡᠭᠦᠯᠭᠡ᠂ ᠰᠢᠨ᠎ᠡ ᠵᠠᠭᠤᠴᠢᠯᠠᠭᠤᠷ ᠵᠡᠷᠭᠡ ᠪᠠᠷ ᠬᠤᠯᠤᠭᠠᠨ᠎ᠠ ᠶᠢᠨ ᠬᠢᠵᠢᠭ ᠢ‌‍ᠰᠡᠷᠭᠡᠶᠢᠯᠡᠨ ᠡᠵᠡᠮᠳᠡᠬᠦ ᠮᠡᠳᠡᠯᠭᠡ ᠶᠢ ᠲᠦᠭᠡᠮᠡᠯᠵᠢᠭᠦᠯᠵᠦ᠂ ᠵᠥᠪ ᠣᠨᠣᠪᠴᠢᠲᠠᠶ ᠵᠢᠯᠣᠭᠤᠳᠤᠨ ᠳᠠᠭᠠᠭᠤᠯᠵᠤ᠂ ᠣᠯᠠᠨ᠂ᠲᠦᠮᠡᠨ ᠤ ᠥᠪᠡᠷ ᠤᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号