ᠵᠠᠩ ᠶᠤᠸᠠᠨ ᠵᠦᠩ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ︽ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠣᠯᠤᠨ ᠬᠤᠢ ᠰᠠᠯᠬᠢᠨ ᠤ ᠭᠠᠮᠰᠢᠭ ᠠᠴᠠ ᠠᠪᠤᠷᠠᠨ ᠲᠤᠰᠠᠯᠠᠬᠤ︾ ᠠᠵᠢᠯ ᠤᠨ ᠲᠤᠰᠬᠠᠶ ᠰᠡᠳᠦᠪᠲᠦ ᠬᠤᠷᠠᠯ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2020-08-12
     8 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠱᠦᠵᠢ ᠵᠠᠩ ᠶᠤᠸᠠᠨ ᠵᠦᠩ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠲᠤᠰᠬᠠᠶ ᠰᠡᠳᠦᠪᠲᠦ ᠬᠤᠷᠠᠯ ᠡᠷᠬᠢᠯᠡᠨ᠂ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠨ ᠬᠤᠯᠪᠣᠭᠠᠯᠠᠨ ᠡᠵᠡᠮᠳᠡᠬᠦ ᠠᠵᠢᠯ ᠪᠣᠯᠤᠨ ᠬᠤᠢ ᠰᠠᠯᠬᠢᠨ ᠤ ᠭᠠᠮᠰᠢᠭ ᠤᠨ ᠬᠤᠬᠢᠷᠠᠯ ᠢ ᠰᠢᠢᠳᠪᠥᠷᠢᠯᠡᠭᠦ ᠠᠵᠢᠯ ᠢ ᠰᠤᠳᠤᠯᠤᠨ ᠪᠠᠶᠢᠷᠢᠯᠠᠭᠤᠯᠵᠤ᠂ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠤᠨ ᠭᠠᠮᠰᠢᠭ ᠤᠨ ᠬᠤᠬᠢᠷᠠᠯ ᠢ ᠰᠢᠢᠳᠪᠥᠷᠢᠯᠡᠭᠦ ᠠᠵᠢᠯ ᠢ ᠦᠨᠡᠨᠬᠦ ᠰᠠᠶᠢᠲᠤᠷ ᠬᠢᠵᠦ᠂ ᠠᠷᠠᠳ ᠲᠦᠮᠡᠨ ᠤ ᠦᠢᠯᠡᠳᠪᠥᠷᠢᠯᠡᠯ ᠠᠮᠢᠳᠤᠷᠠᠯ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃      ᠬᠤᠷᠠᠯ ᠳᠡᠭᠡᠷ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠣᠶᠢᠷ᠎ᠠ  ᠶᠢᠨ ᠬᠤᠭᠤᠴᠠᠭᠠᠨ ᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠪᠣᠯᠤᠨ 8 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨᠠᠬᠢ ᠬᠤᠢ ᠰᠠᠯᠬᠢᠨ ᠤ ᠭᠠᠮᠰᠢᠭ ᠤᠨ ᠬᠥᠨᠥᠭᠡᠯ ᠢ ᠪᠠᠴᠢᠮ ᠰᠢᠢᠳᠪᠥᠷᠢᠯᠡᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃ ᠵᠠᠩ ᠶᠤᠸᠠᠨ ᠵᠦᠩ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤ ᠪᠣᠯᠤᠨ ᠬᠠᠮᠢᠶ᠎ᠠ ᠪᠦᠬᠦᠢ ᠭᠠᠵᠠᠷ ᠣᠷᠣᠨ ᠤ ᠡᠯ᠎ᠡ ᠰᠠᠯᠠᠭ᠎ᠠ ᠮᠥᠴᠢᠷ ᠤᠨ ᠠᠵᠢᠯ ᠢ ᠨᠤᠲᠠᠯᠠᠬᠤ ᠶᠢᠨ ᠬᠠᠮᠲᠤ ᠨᠢᠭᠡᠳᠦᠭᠡᠷ ᠹᠷᠣᠨᠲ ᠲᠤ ᠰᠢᠭᠤᠷᠬᠠᠶᠢᠯᠠᠨ ᠠᠵᠢᠯᠯᠠᠭᠰᠠᠨ ᠪᠤᠢ ᠪᠦᠬᠦᠢ ᠠᠵᠢᠯᠲᠠᠨ ᠪᠠ ᠡᠮᠴᠢ ᠨᠡᠷ ᠲᠤ ᠬᠠᠯᠠᠭᠤᠨ ᠮᠡᠨᠳᠦᠴᠢᠯᠡᠯ ᠳᠡᠪᠰᠢᠭᠦᠯᠪᠡ᠃ ᠵᠠᠩ ᠶᠤᠸᠠᠨ ᠵᠦᠩ ᠴᠢᠬᠤᠯᠠᠴᠢᠯᠠᠬᠤ ᠳᠤ ᠪᠠᠨ ᠡᠯ᠎ᠡ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠡᠷᠬᠡᠪᠰᠢ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠴᠢᠨᠠᠷ ᠢ ᠭᠦᠢᠴᠡᠳ ᠲᠠᠨᠢᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠬᠤᠯᠪᠣᠭᠠᠯᠠᠨ ᠰᠡᠷᠭᠡᠶᠢᠯᠡᠬᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠪᠤᠢ ᠪᠣᠯᠭᠠᠨ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠶᠣᠰᠣᠭᠠᠷ ᠬᠢᠵᠢᠭ ᠤᠨ ᠣᠷᠣᠨ ᠳᠤ ᠠᠷᠢᠭᠤᠳᠬᠠᠯ ᠬᠢᠬᠦ᠂ ᠲᠤᠬᠠᠶ ᠶᠢᠨ ᠲᠠᠯᠠᠪᠤᠷ ᠢ ᠬᠠᠮᠢᠶᠠᠷᠤᠨ ᠡᠵᠡᠮᠳᠡᠬᠦ᠂ ᠲᠠᠬᠤᠯ ᠡᠪᠡᠳᠴᠢᠨ ᠤ ᠰᠤᠳᠤᠯᠭᠠᠨ ᠢᠶᠠᠷ ᠪᠠᠶᠢᠴᠠᠭᠠᠬᠤ᠂ ᠲᠤᠰᠠᠭᠠᠷᠯᠠᠯᠲᠠ ᠬᠢᠵᠦ ᠪᠠᠶᠢᠴᠠᠭᠠᠬᠤ ᠵᠡᠷᠭᠡ ᠠᠵᠢᠯ ᠢ ᠨᠢᠭᠡᠳᠦᠯᠲᠡᠶ ᠬᠢᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠪᠣᠳᠠᠲᠠᠢ ᠬᠢᠬᠦ ᠬᠡᠷᠡᠭᠲᠡᠶ᠃ ᠡᠷᠬᠡᠪᠰᠢ ᠬᠢᠵᠢᠭ ᠤᠨ ᠣᠷᠣᠨ ᠤ ᠵᠠᠭᠠᠭ ᠬᠢᠵᠠᠭᠠᠷ ᠢ ᠲᠣᠲᠣᠯᠠᠵᠤ᠂ ᠵᠠᠮ ᠨᠡᠪᠲᠡᠷᠡᠯᠭᠡ ᠶᠢᠨ ᠣᠷᠣᠵᠤ ᠭᠠᠷᠬᠤ ᠠᠮᠠᠨ ᠳᠤ ᠬᠠᠮᠢᠶᠠᠷᠤᠯᠲᠠ ᠪᠠᠨ ᠴᠢᠩᠭᠠᠳᠬᠠᠨ ᠬᠤᠯᠤᠭᠠᠨ᠎ᠠ ᠠᠯᠠᠬᠤ᠂ ᠨᠣᠬᠠᠶ ᠶᠢᠨ ᠪᠥᠭᠡᠰᠦ ᠶᠢ ᠤᠰᠠᠳᠬᠠᠬᠤ ᠬᠦᠴᠦᠯᠡᠴᠡ ᠪᠠᠨ ᠶᠡᠬᠡᠰᠬᠡᠬᠦ ᠶᠢᠨ ᠬᠠᠮᠲᠤ᠂ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡ ᠪᠠᠨ ᠰᠠᠶᠢᠲᠤᠷ ᠬᠢᠵᠦ᠂ ᠬᠤᠯᠣᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠶ᠃ ᠡᠷᠬᠡᠪᠰᠢ ᠲᠦᠭᠰᠢᠭᠦᠷᠢ ᠶᠢᠨ ᠣᠷᠣᠨ ᠤ ᠬᠥᠮᠦᠰ ᠤᠨ ᠴᠠᠭᠳᠠᠨ ᠪᠠᠶᠢᠴᠠᠭᠠᠯᠲᠠ ᠬᠢᠨᠠᠨ ᠰᠢᠯᠭᠠᠯᠲᠠ ᠪᠠᠨ ᠴᠢᠩᠭᠠᠳᠬᠠᠵᠤ᠂ ᠨᠢᠭᠡᠳᠦᠭᠡᠷ ᠹᠷᠣᠨᠲ ᠤᠨ ᠠᠵᠢᠯᠲᠠᠨ ᠪᠣᠯᠤᠨ ᠡᠮᠴᠢᠯᠡᠭᠡᠨ ᠤ ᠠᠵᠢᠯᠲᠠᠨ ᠤ ᠥᠪᠡᠷ ᠤᠨ ᠪᠡᠶ᠎ᠡ ᠶᠢᠨ ᠬᠠᠮᠠᠭᠠᠯᠠᠯᠲᠠ ᠪᠠᠨ ᠴᠢᠬᠤᠯᠠᠴᠢᠯᠠᠨ᠂ ᠬᠢᠵᠢᠭ ᠤᠨ ᠪᠠᠶᠢᠳᠠᠯ ᠤᠨ ᠳᠠᠯᠳᠠ ᠬᠡᠮ ᠢ ᠠᠷᠢᠯᠭᠠᠨ ᠬᠢᠵᠢᠭ ᠤᠨ ᠬᠠᠯᠳᠠᠪᠤᠷᠢᠯᠠᠯ ᠤᠨ ᠠᠶᠤᠯ ᠢ ᠪᠠᠭᠠᠰᠬᠠᠵᠤ᠂ ᠦᠨᠳᠦᠰᠦᠨ ᠱᠠᠲᠤᠨ ᠤ ᠬᠢᠵᠢᠭ ᠢ ᠰᠡᠷᠭᠡᠶᠢᠯᠡᠨ ᠡᠵᠡᠮᠳᠡᠬᠦ᠂ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠠᠵᠢᠯᠲᠠᠨ ᠤ ᠡᠩᠨᠡᠭᠡᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠢᠵᠢᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠪᠣᠯᠤᠨ ᠠᠪᠤᠷᠠᠨ ᠡᠮᠴᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠵᠥᠪ ᠶᠠᠷᠢᠶ᠎ᠠ ᠬᠡᠯᠡᠯᠴᠡᠭᠡ ᠪᠠᠷ ᠤᠳᠤᠷᠢᠳᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠪᠠᠨ ᠴᠢᠩᠭᠠᠳᠬᠠᠨ᠂ ᠥᠷᠭᠡᠨ ᠤᠯᠠᠨ ᠲᠦᠮᠡᠨ ᠤ ᠬᠢᠵᠢᠭ ᠢ ᠰᠡᠷᠭᠡᠶᠢᠯᠡᠨ ᠡᠵᠡᠮᠳᠡᠬᠦ ᠲᠠᠨᠢᠯᠲᠠ ᠶᠢ ᠳᠡᠭᠡᠭᠰᠢᠯᠡᠭᠦᠯᠬᠦ ᠬᠡᠷᠡᠭᠲᠡᠶ ᠭᠡᠵᠡᠢ᠃      ᠵᠠᠩ ᠶᠤᠸᠠᠨ ᠵᠦᠩ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠤᠢ ᠰᠠᠯᠬᠢᠨ ᠤ ᠭᠠᠮᠰᠢᠭ ᠤᠨ ᠬᠤᠬᠢᠷᠠᠯ ᠠᠴᠠ ᠠᠪᠤᠷᠠᠬᠤ ᠳᠤ ᠠᠪᠤᠭᠰᠠᠨ ᠠᠷᠭ᠎ᠠ ᠬᠡᠮᠵᠢᠶ᠎ᠡ ᠶᠢ ᠨᠤᠲᠠᠯᠠᠬᠤ ᠶᠢᠨ ᠬᠠᠮᠲᠤ ᠴᠢᠬᠤᠯᠠᠴᠢᠯᠠᠨ ᠵᠢᠭᠠᠪᠤᠷᠢᠯᠠᠬᠤ ᠳᠤ ᠪᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠡᠷᠬᠡᠪᠰᠢ ᠠᠷᠠᠳ ᠲᠦᠮᠡᠨ ᠢ ᠳᠡᠭᠡᠳᠦᠯᠡᠵᠦ᠂ ᠠᠮᠢ ᠨᠠᠰᠤ ᠶᠢ ᠳᠡᠭᠡᠳᠦᠯᠡᠵᠦ᠂ ᠲᠤᠰᠬᠠᠶ ᠬᠥᠮᠦᠨ ᠲᠤᠰᠬᠠᠶ ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ ᠡᠮᠴᠢᠯᠡᠭᠡᠨ ᠤ ᠠᠵᠢᠯᠲᠠᠳ ᠲᠠᠢ ᠬᠠᠮᠵᠢᠯᠴᠠᠨ᠂ ᠪᠦᠬᠦ ᠰᠡᠳᠬᠢᠯ ᠪᠥᠬᠦ ᠵᠣᠷᠢᠭ ᠢᠶᠠᠷ ᠢᠶᠠᠨ ᠰᠢᠷᠬᠠᠲᠠᠨ ᠢ ᠠᠪᠤᠷᠠᠨ᠂ ᠰᠢᠷᠬᠠᠲᠠᠨ ᠤ ᠭᠡᠷ ᠪᠦᠯᠢ ᠶᠢ ᠲᠣᠬᠤᠨᠢᠭᠤᠯᠵᠤ᠂ ᠭᠠᠮᠰᠢᠭᠳᠠᠭᠰᠠᠨ ᠮᠠᠯᠴᠢᠳ ᠢ ᠬᠠᠪᠰᠤᠷᠤᠨ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠭ᠎ᠠ ᠶᠢ ᠬᠠᠩᠭᠠᠬᠤ ᠬᠡᠷᠡᠭᠲᠡᠶ᠃ ᠡᠷᠬᠡᠪᠰᠢ ᠭᠠᠮᠰᠢᠭ ᠤᠨ ᠳᠠᠷᠠᠭᠠᠬᠢ ᠳᠠᠬᠢᠨ ᠪᠦᠲᠦᠭᠡᠨ ᠪᠠᠶᠢᠭᠤᠯᠤᠯᠲᠠ ᠶᠢ ᠳᠠᠷᠦ᠋ᠢᠬᠠᠨ ᠰᠡᠷᠭᠦᠭᠡᠵᠦ᠂ ᠭᠠᠮᠰᠢᠭ ᠤᠨ ᠪᠠᠶᠢᠳᠠᠯ ᠢ ᠪᠦᠬᠦ ᠲᠠᠯ᠎ᠠ ᠪᠠᠷ ᠪᠦᠷᠢᠳᠬᠡᠨ᠂ ᠭᠠᠮᠰᠢᠭᠳᠠᠭᠰᠠᠨ ᠣᠷᠣᠨ ᠤ ᠪᠠᠷᠢᠯᠭ᠎ᠠ ᠳᠤ ᠪᠦᠬᠦ ᠲᠠᠯ᠎ᠠ ᠪᠠᠷ ᠬᠢᠨᠠᠨ ᠲᠣᠭᠲᠠᠭᠠᠯᠲᠠ ᠬᠢᠵᠦ᠂ ᠰᠦᠢᠳᠦᠭᠰᠡᠨ ᠴᠠᠬᠢᠯᠭᠠᠨ ᠬᠦᠴᠦᠨ᠂ ᠴᠢᠮᠡᠭᠡ ᠨᠡᠪᠲᠡᠷᠡᠯᠭᠡ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢ ᠳᠠᠷᠦ᠋ᠢᠬᠠᠨ ᠵᠠᠰᠠᠨ ᠰᠠᠯᠪᠢᠵᠤ᠂ ᠭᠠᠮᠰᠢᠭ ᠤᠨ ᠠᠶᠤᠯ ᠠᠴᠠ ᠠᠪᠤᠷᠠᠬᠤ ᠪᠠᠯᠠ ᠮᠥᠩᠭᠦ ᠪᠣᠯᠤᠨ ᠡᠳ᠋ ᠪᠠᠷᠠᠭ᠎ᠠ ᠶᠢ ᠴᠠᠭ ᠲᠤᠬᠠᠢ ᠳᠤ ᠨᠢ ᠬᠠᠩᠭᠠᠵᠤ᠂ ᠭᠠᠮᠰᠢᠭ  ᠠᠴᠠ ᠠᠪᠤᠷᠠᠬᠤ ᠠᠵᠢᠯ ᠤᠨ ᠡᠮᠬᠢ ᠴᠡᠭᠴᠡ ᠶᠢ ᠪᠠᠲᠤᠯᠠᠬᠤ ᠬᠡᠷᠡᠭᠲᠡᠶ᠃ ᠡᠷᠬᠡᠪᠰᠢ ᠵᠥᠪ ᠶᠠᠷᠢᠶ᠎ᠠ ᠬᠡᠯᠡᠯᠴᠡᠭᠡ ᠪᠠᠷ ᠤᠳᠤᠷᠢᠳᠤᠨ᠂ ᠵᠥᠪ ᠣᠨᠣᠪᠴᠢᠲᠠᠶ ᠡᠷᠬᠡ ᠰᠦᠷᠲᠦ ᠴᠢᠮᠡᠭᠡ ᠵᠠᠩᠭᠢ ᠶᠢ ᠳᠠᠮᠵᠢᠭᠤᠯᠵᠤ᠂ ᠣᠯᠠᠨ ᠲᠦᠮᠡᠨ ᠤ ᠬᠠᠷᠠᠭᠠᠯᠵᠠᠯ ᠬᠠᠯᠠᠮᠵᠢᠯᠠᠯ ᠢ ᠬᠠᠷᠢᠭᠤ ᠲᠤᠰᠬᠠᠬᠤ ᠬᠡᠷᠡᠭᠲᠡᠶ᠃ ᠣᠨᠴᠠᠭᠠᠶ ᠴᠠᠭ ᠠᠭᠤᠷ ᠤᠨ ᠤᠷᠢᠳᠴᠢᠯᠠᠨ ᠰᠡᠷᠭᠡᠶᠢᠯᠡᠯᠲᠡ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢᠶᠠᠨ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠤᠭᠰᠢᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠡᠯ᠎ᠡ ᠭᠠᠵᠠᠷ ᠣᠷᠣᠨ ᠡᠷᠬᠡᠪᠰᠢ ᠬᠠᠷᠢᠭᠤᠴᠠᠯᠭ᠎ᠠ ᠪᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠡᠷᠬᠡᠪᠰᠢ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠭᠥᠢᠴᠡᠳ ᠪᠠᠳᠠᠷᠠᠭᠤᠯᠵᠤ᠂ ᠡᠯ᠎ᠡ ᠬᠦᠷᠢᠶ᠎ᠡ ᠬᠡᠪᠴᠢᠶᠡᠨ ᠳᠠᠬᠢ ᠠᠶᠤᠯᠭᠦᠶ ᠶᠢᠨ ᠶᠡᠭᠡ ᠪᠠᠶᠢᠴᠠᠭᠠᠯᠲᠠ᠂ ᠶᠡᠭᠡ ᠴᠡᠭᠴᠡᠯᠡᠯᠲᠡ ᠶᠢ ᠪᠥᠬᠦ ᠲᠠᠯ᠎ᠠ ᠪᠠᠷ ᠥᠷᠨᠢᠭᠦᠯᠵᠦ᠂ ᠳᠠᠯᠳᠠ ᠭᠡᠮ ᠢ ᠦᠭᠡᠶᠢᠰᠬᠡᠬᠦ ᠬᠡᠷᠡᠭᠲᠡᠶ ᠭᠡᠵᠡᠢ᠃      ᠵᠠᠩ ᠶᠤᠸᠠᠨ ᠵᠦᠩ ᠪᠠᠰᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠤᠩᠭᠤᠯ ᠡᠮᠨᠡᠯᠭᠡ  ᠶᠢᠨ ᠬᠤᠷᠢᠶᠠᠨ ᠳᠤ ᠬᠦᠷᠴᠦ᠂ ᠬᠤᠢ ᠰᠠᠯᠬᠢᠨ ᠤ ᠭᠠᠮᠰᠢᠭ ᠲᠤ ᠰᠢᠷᠬᠠᠲᠤᠭᠰᠠᠨ ᠣᠯᠠᠨ ᠲᠦᠮᠡᠨ ᠢ ᠪᠣᠯᠭᠤᠭᠠᠨ ᠲᠣᠬᠤᠨᠢᠭᠤᠯᠵᠤ᠂ ᠰᠢᠷᠬᠠᠲᠤᠭᠰᠠᠨ ᠪᠠᠶᠢᠳᠠᠯ᠂ ᠡᠳᠡᠭᠡᠷᠡᠯᠲᠡ ᠶᠢᠨ ᠪᠠᠶᠢᠳᠠᠯ ᠢ ᠠᠰᠠᠭᠤᠨ᠂ ᠲᠡᠳᠡᠨᠡᠷ ᠢ ᠰᠠᠶᠢᠲᠤᠷ ᠡᠮᠨᠡᠭᠦᠯᠵᠦ ᠡᠷᠲᠡᠭᠡᠨ ᠡᠷᠡᠭᠦᠯᠵᠢᠬᠦ ᠶᠢ ᠵᠣᠷᠢᠭᠵᠢᠭᠤᠯᠬᠤ ᠶᠢᠨ ᠬᠠᠮᠲᠤ ᠡᠮᠴᠢ ᠠᠵᠢᠯᠲᠠᠳ ᠪᠠ ᠬᠠᠮᠢᠶ᠎ᠠ ᠪᠦᠬᠦᠢ ᠰᠠᠯᠠᠭ᠎ᠠ ᠮᠥᠴᠢᠷ ‍ᠤᠨ‌ᠬᠠᠷᠢᠭᠤᠴᠠᠯᠭᠠᠲᠠᠳ ᠲᠤ ᠰᠢᠷᠬᠠᠳᠠᠨ ᠤ ᠠᠮᠤᠷ ᠲᠦᠪᠰᠢᠨ ᠢ ᠡᠩ ᠲᠡᠷᠢᠭᠦᠨ ᠳᠤ ᠲᠠᠯᠪᠢᠵᠤ᠂ ᠨᠠᠷᠢᠯᠢᠭ ᠣᠨᠣᠪᠴᠢᠲᠠᠶ ᠡᠮᠴᠢᠯᠡᠨ ᠵᠠᠰᠠᠬᠤ ᠶᠢ ᠵᠠᠬᠢᠭᠰᠠᠨ ᠪᠠᠶᠢᠨ᠎ᠠ᠃      ᠬᠤᠲᠠ ᠶᠢᠨ ᠤᠷᠳᠤᠷᠢᠳᠤᠯᠭ᠎ᠠ ᠯᠢ ᠴᠦᠨ ᠷᠧᠨ᠂ ᠵᠣᠤ ᠵᠢᠶᠦ᠋ᠨ᠂ ᠵᠠᠩ ᠪᠢᠨ᠂ ᠸᠠᠩ ᠮᠧᠢ ᠪᠢᠨ ᠬᠤᠷᠠᠯ ᠳᠤ ᠣᠷᠣᠯᠴᠠᠵᠤ ᠪᠠᠷ᠎ᠠ ᠪᠣᠯᠤᠯᠴᠠᠪᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号