︽ᠮᠥᠩᠭᠡ ᠰᠤᠪᠠᠭ︾ APP ᠭᠡᠵᠦ ᠶᠠᠭᠤ ᠪᠤᠢ︖
ᠨᠡᠶᠢᠲᠡᠯᠡᠭᠰᠡᠨ ᠴᠠᠭ᠄
2020-08-12
     2020 ᠤᠨ ᠤ 3 ᠰᠠᠷ᠎ᠠ ᠶᠢᠨ 23 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠷᠬᠡᠰᠢᠶᠡᠬᠦ ᠠᠵᠢᠯ ᠤᠨ ᠵᠢᠯᠣᠭᠤᠳᠬᠤ ᠭᠠᠵᠠᠷ ᠠᠴᠠ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ︽ᠮᠥᠩᠬᠡ ᠰᠤᠪᠠᠭ︾ APP ᠶᠢᠨ ᠲᠤᠬᠠᠢ ᠲᠠᠨᠢᠯᠴᠠᠭᠤᠯᠪᠠ᠃ ᠲᠤᠰ APP ᠶᠢ 3 ᠰᠠᠷ᠎ᠠ ᠶᠢᠨ 13 ᠤ ᠡᠳᠦᠷ ᠠᠴᠠ ᠡᠬᠢᠯᠡᠨ ᠲᠤᠷᠰᠢᠨ ᠬᠡᠷᠡᠭᠯᠡᠪᠡ᠃      ︽ᠮᠥᠩᠬᠡ ᠰᠤᠪᠠᠭ︾ APP ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠠᠷᠭᠠᠭᠰᠠᠨ ᠪᠦᠬᠦ ᠣᠷᠣᠨ ᠤ ᠨᠢᠭᠡ ᠴᠣᠭᠴᠠᠵᠢᠭᠤᠯᠤᠭᠰᠠᠨ‌ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠠᠪᠴᠠᠩ ᠪᠣᠯᠤᠨ᠎ᠠ᠃ ᠥᠪᠥᠷ ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ︽ᠭᠤᠷᠪᠠᠨ ᠳᠡᠰ︾ ᠢᠶᠠᠷ ᠬᠠᠮᠲᠤᠪᠠᠷ ᠠᠰᠢᠭᠯᠠᠬᠤ ᠲᠠᠪᠴᠠᠩ ᠪᠠᠶᠢᠬᠤ᠂ ᠥᠷᠭᠡᠨ ᠣᠯᠠᠨ ᠠᠷᠠᠳ ᠲᠦᠮᠡᠨ ᠪᠣᠯᠤᠨ ᠠᠵᠤ ᠠᠬᠤᠶᠢᠯᠠᠯ ᠳᠤ ︽ᠨᠢᠭᠡ ᠥᠷᠲᠡᠭᠡ ᠮᠠᠶ᠋ᠢᠭ︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠳᠠᠭ ᠲᠠᠪᠴᠠᠩ ᠪᠣᠯᠤᠨ᠎ᠠ᠃      ᠲᠤᠰ ᠲᠠᠪᠴᠠᠩ ᠤᠨ ᠣᠨᠴᠠᠯᠢᠭ ᠪᠣᠯᠤᠨ ᠴᠢᠳᠠᠪᠬᠢ᠄      1. ᠡᠷᠡᠭᠦᠯ ᠮᠡᠨᠳᠦ ᠶᠢᠨ ᠺᠠᠷᠲ᠂ ᠨᠡᠶᠢᠭᠡᠮ ᠤᠨ ᠳᠠᠭᠠᠳᠬᠠᠯ ᠤᠨ ᠺᠠᠷᠲ᠂ ᠵᠢᠯᠣᠭᠤᠴᠢ ᠶᠢᠨ ᠦᠨᠡᠮᠯᠡᠯ᠂ ᠤᠷᠤᠭ ᠤᠨ ᠪᠠᠲᠤᠯᠠᠪᠤᠷᠢ᠂ ᠡᠵᠡᠩᠨᠡᠯᠲᠡ ᠶᠢᠨ ᠦᠨᠡᠮᠯᠡᠯ ᠵᠡᠷᠭᠡ 8 ᠵᠦᠶ᠋ᠯ ᠤᠨ ᠡᠯᠧᠺᠳ᠋ᠷᠣᠨ ᠦᠨᠡᠮᠯᠡᠯ ᠢ ᠭᠤᠶᠤᠴᠢᠯᠠᠵᠤ ᠪᠣᠯᠤᠨ᠎ᠠ᠃      2. ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ ᠵᠡᠷᠭᠡ ᠬᠡᠷᠡᠭᠯᠡᠭᠡᠨ ᠤ ᠳᠠᠪᠲᠠᠮᠵᠢ ᠶᠡᠬᠡᠲᠡᠶ 55 ᠵᠦᠢᠯ ᠤᠨ ᠦᠢᠯᠡᠴᠢᠯᠡᠭᠡ ᠬᠠᠩᠭᠠᠨ᠎ᠠ᠃      3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ︽ᠭᠤᠷᠪᠠᠨ ᠳᠡᠰ︾ ᠤᠨ ᠨᠡᠶᠢᠲᠡ 3056 ᠰᠠᠯᠠᠭ᠎ᠠ ᠮᠥᠴᠢᠷ ᠤᠨ 47534 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠷᠥᠯ ᠵᠦᠢᠯ ᠤᠨ ᠬᠥᠲᠥᠯᠪᠦᠷᠢ ᠶᠢ ᠳᠡᠮᠵᠢᠨ᠎ᠡ᠃      4. ᠥᠪᠡᠷᠲᠡᠭᠡᠨ ᠵᠠᠰᠠᠬᠤ ᠤᠷᠣᠨ ᠤ ᠰᠠᠭᠤᠭᠠᠯᠢ ᠠᠷᠠᠳ᠂ ᠭᠠᠷ ᠤᠲᠠᠰᠤᠨᠤ ᠬᠡᠷᠡᠭᠯᠡᠭᠡᠨ ᠤ ᠳᠡᠯᠭᠡᠭᠦᠷ ᠠᠴᠠ ︽ᠮᠥᠩᠬᠡ ᠰᠤᠪᠠᠭ︾ APP ᠶᠢ ᠪᠠᠭᠤᠯᠭᠠᠬᠤ ᠪᠤᠶᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠬᠤᠶᠠᠷ ᠬᠡᠮᠵᠢᠯ ᠤᠨ ᠺᠣᠳ᠋ ᠢ ᠰᠢᠷᠪᠢᠵᠦ ᠳᠠᠩᠰᠠᠯᠠᠭᠤᠯᠵᠤ᠂ ᠦᠨᠡᠨ ᠨᠡᠷ᠎ᠡ ᠪᠠᠷ ᠢᠶᠠᠨ ᠭᠡᠷᠡᠴᠢᠯᠡᠭᠦᠯᠦᠭᠰᠡᠭᠡᠷ ᠪᠠᠭᠤᠯᠭᠠᠵᠤ ᠪᠣᠯᠤᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号