︽ᠮᠥᠩᠭᠡ ᠳᠤᠯᠭ᠎ᠠ︾ ᠰᠡᠳᠬᠦᠯ ᠤᠨ ᠵᠤᠬᠢᠶᠠᠯᠴᠢᠳ ᠤᠨ ᠰᠠᠭᠤᠳᠠᠯ ᠤᠨ ᠬᠤᠷᠠᠯ ᠮᠠᠨ ᠤ ᠬᠤᠰᠢᠭᠤᠨ  ᠳᠤ ᠶᠠᠪᠤᠭᠳᠠᠪᠠ
ᠨᠡᠶᠢᠲᠡᠯᠡᠭᠰᠡᠨ ᠴᠠᠭ᠄
2020-08-13
     8 ᠰᠠᠷ᠎ᠠ ᠶᠢᠨ11 ᠤ ᠡᠳᠥᠷ ᠤᠨ ᠦᠳᠡ ᠶᠢᠨ ᠡᠮᠥᠨ᠎ᠡ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ  ᠤ ᠬᠠᠮ ᠵᠠᠭᠤᠴᠢᠯᠠᠭᠤᠷ ᠤᠨ ᠳᠥᠪ ᠤᠨ ᠬᠤᠷᠠᠯ ᠤᠨ ᠭᠡᠷ ᠲᠤ᠂ ᠬᠤᠰᠢᠭᠤᠨ ᠤ ᠤᠳᠬ᠎ᠠ ᠤᠷᠠᠯᠢᠭ ᠤᠨ ᠬᠤᠯᠪᠤᠭ᠎ᠠ  ᠠᠴᠠ ᠵᠤᠬᠢᠶᠡᠨ ᠪᠠᠶᠢᠭᠤᠯᠤᠭᠰᠠᠨ ᠥᠨᠳᠥᠰᠥᠳᠡᠨ ᠳᠥᠮᠡᠨ ᠤ ᠤᠳᠬ᠎ᠠ ᠰᠤᠶᠤᠯ ᠢᠶᠠᠨ ᠬᠥᠭᠵᠢᠭᠦᠯᠵᠥ᠂ ᠦᠢᠯᠡᠰ ᠤᠨ ᠰᠠᠶᠢᠬᠠᠨ ᠳᠤᠮᠳᠠᠳᠥ ᠶᠢᠨ ᠬᠥᠰᠡᠯ ᠢᠶᠠᠨ ᠪᠡᠶᠡᠯᠡᠭᠦᠯᠬᠦ ︽ᠮᠥᠩᠭᠡ ᠳᠤᠯᠭ᠎ᠠ︾ ᠰᠡᠳᠬᠦᠯ ᠤᠨ ᠵᠤᠬᠢᠶᠠᠯᠴᠢᠳ ᠤᠨ ᠰᠠᠭᠤᠳᠠᠯ ᠤᠨ ᠬᠤᠷᠠᠯ ᠬᠤᠷᠠᠯᠳᠤᠵᠥ᠂ ᠪᠤᠭᠤᠳᠥ ᠶᠢᠨ ︽ᠮᠥᠩᠭᠡ ᠳᠤᠯᠭ᠎ᠠ︾ ᠰᠡᠳᠬᠦᠯ ᠤᠨ ᠶᠡᠷᠥᠩᠭᠡᠢ ᠨᠠᠶᠢᠷᠠᠭᠤᠯᠤᠭᠴᠢ ᠪᠥᠷᠢᠨᠳᠥᠭᠦᠰ᠂ ᠪᠤᠭᠤᠳᠥ ᠶᠢᠨ ᠥᠨᠳᠥᠰᠥᠳᠡᠨ ᠤ ᠬᠡᠷᠡᠭ ᠡᠷᠬᠢᠯᠡᠭᠦ ᠵᠥᠪᠯᠡᠯ ᠤᠨ ᠪᠠᠶᠢᠴᠠᠭᠠᠨ ᠰᠤᠳᠤᠯᠤᠭᠴᠢ ᠰᠡᠴᠡᠨᠵᠠᠪ᠂ ᠪᠤᠭᠤᠳᠥ ᠶᠢᠨ ᠥᠨᠳᠥᠰᠥᠳᠡᠨ ᠤ ᠬᠡᠷᠡᠭ ᠡᠷᠬᠢᠯᠡᠭᠦ ᠵᠥᠪᠯᠡᠯ ᠤᠨ ᠮᠤᠩᠭᠤᠯ ᠬᠡᠯᠡ ᠪᠢᠴᠢᠭ ᠤᠨ ᠠᠵᠢᠯ ᠤᠨ ᠰᠠᠯᠠᠭᠠᠨ ᠤ ᠳᠠᠷᠤᠭ᠎ᠠ ᠬᠡᠷᠡᠯᠳᠤᠶᠠᠭ᠎ᠠ᠂ ᠪᠤᠭᠤᠳᠥ ᠶᠢᠨ ᠥᠨᠳᠥᠰᠥᠳᠡᠨ ᠤ ᠬᠡᠷᠡᠭ ᠡᠷᠬᠢᠯᠡᠭᠦ ᠵᠥᠪᠯᠡᠯ ᠤᠨ ᠡᠷᠬᠢᠯᠡᠭᠴᠢ ᠬᠤᠩ ᠮᠧᠢ ᠵᠢᠴᠢ ᠬᠤᠰᠢᠭᠤᠨ ᠤ ᠬᠠᠮᠢᠶ᠎ᠠ ᠪᠥᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠡᠳ ᠪᠠ ᠠᠵᠢᠯ ᠤᠨ ᠴᠢᠯᠥᠭᠡᠨ ᠤ ᠬᠡᠰᠡᠭ ᠵᠤᠬᠢᠶᠠᠯᠴᠢᠳ ᠰᠠᠭᠤᠳᠠᠯ ᠤᠨ ᠬᠤᠷᠠᠯ ᠳᠤ ᠤᠷᠤᠯᠴᠠᠭᠰᠠᠨ ᠪᠠᠶᠢᠨ᠎ᠠ᠃      ᠰᠠᠭᠤᠳᠠᠯ ᠤᠨ ᠬᠤᠷᠠᠯ ᠳᠤ ᠥᠨᠳᠥᠰᠥᠳᠡᠨ ᠤ ᠬᠡᠷᠡᠭ ᠡᠷᠬᠢᠯᠡᠭᠦ ᠵᠥᠪᠯᠡᠯ ᠤᠨ ᠪᠠᠶᠢᠴᠠᠭᠠᠨ ᠰᠤᠳᠤᠯᠤᠭᠴᠢ ᠰᠡᠴᠡᠨᠵᠡᠪ ︽ᠮᠥᠩᠭᠡ ᠳᠤᠯᠭ᠎ᠠ︾ ᠰᠡᠳᠬᠦᠯ ᠤᠨ ᠡᠭᠦᠰᠥᠯ ᠬᠥᠭᠵᠢᠯ ᠪᠠ ᠤᠳᠤᠬᠢ ᠪᠠᠶᠢᠳᠠᠯ ᠤᠨ ᠳᠣᠬᠠᠢ ᠳᠥᠭᠦᠮ ᠳᠠᠨᠢᠯᠴᠠᠭᠤᠯᠵᠥ᠂ ᠰᠡᠳᠬᠦᠯ ᠤᠨ ᠡᠷᠳᠡᠮ ᠰᠢᠨᠵᠢᠯᠡᠭᠡᠨ ᠤ ᠶᠠᠰᠤ ᠴᠢᠨᠠᠷ ᠪᠠ ᠨᠥᠯᠥᠭᠡ ᠳᠤᠰᠬᠠᠯ ᠤᠨ ᠳᠣᠭᠤᠷᠢᠨ ᠳᠤ ᠥᠩᠭᠡᠷᠡᠭᠰᠡᠨ ᠤ ᠠᠵᠢᠯ ᠤᠨ ᠳᠣᠷᠰᠢᠯᠭ᠎ᠠ ᠪᠤᠯᠤᠨ ᠤᠷᠤᠰᠢᠵᠥ ᠪᠠᠶᠢᠭ᠎ᠠ ᠠᠯᠳᠠᠭ᠎ᠠ ᠳᠤᠳᠠᠭᠳᠠᠯ ᠢᠶᠠᠨ ᠵᠢᠭᠠᠵᠤ ᠭᠠᠷᠬᠠᠨ᠂ ᠪᠤᠭᠤᠳᠥ ᠶᠢᠨ ︽ᠮᠥᠩᠭᠡ ᠳᠤᠯᠭ᠎ᠠ︾ ᠰᠡᠳᠬᠦᠯ ᠤᠨ ᠶᠡᠷᠥᠩᠭᠡᠢ ᠨᠠᠶᠢᠷᠠᠭᠤᠯᠤᠭᠴᠢ ᠪᠥᠷᠢᠨᠳᠥᠭᠦᠰ ᠡᠬᠡ ᠪᠢᠴᠢᠭ ᠤᠨ ᠢᠷᠡᠯᠳᠡ ᠶᠢ ᠬᠡᠷᠬᠢᠨ ᠪᠠᠶᠠᠯᠢᠭᠵᠢᠭᠤᠯᠬᠤ᠂ ᠰᠡᠳᠥᠪ ᠰᠤᠩᠭᠤᠬᠤ ᠬᠡᠪᠴᠢᠶ᠎ᠡ ᠶᠢ ᠥᠷᠭᠡᠳᠬᠡᠭᠦ ᠳᠤᠬᠠᠢ ᠰᠠᠨᠠᠯ ᠪᠤᠳᠤᠯ ᠢᠶᠠᠨ ᠳᠣᠷᠠᠳᠴᠤ᠂ ᠰᠡᠳᠬᠦᠯ ᠤᠨ ᠬᠡᠪᠯᠡᠯ ᠤᠨ ᠴᠢᠨᠠᠷ ᠴᠢᠨᠰᠠᠭ᠎ᠠ ᠪᠠ ᠰᠡᠳᠬᠦᠯ ᠡᠷᠬᠢᠯᠡᠭᠦ ᠡᠬᠢ ᠪᠠᠶᠠᠯᠢᠭ ᠤᠨ ᠳᠣᠭᠤᠷᠢᠨ ᠳᠤ ᠡᠬᠡ ᠪᠢᠴᠢᠭ ᠤᠨ ᠶᠠᠰᠤ ᠴᠢᠨᠠᠷ ᠢ ᠬᠡᠷᠬᠢᠨ ᠳᠡᠭᠡᠭᠰᠢᠯᠡᠭᠦᠯᠬᠦ᠂ ᠨᠠᠶᠢᠷᠠᠭᠤᠯᠭ᠎ᠠ ᠶᠢᠨ ᠶᠠᠰᠤ ᠴᠢᠨᠠᠷ ᠢ ᠦᠨᠡᠨ ᠬᠦ ᠪᠠᠳᠣᠯᠠᠬᠤ ᠵᠡᠷᠭᠡ ᠳᠠᠯ᠎ᠠ ᠪᠠᠷ ᠵᠤᠬᠢᠶᠠᠭᠴᠢ ᠤᠯᠠᠨ ᠲᠠᠢ ᠪᠠᠨ ᠳᠣᠬᠠᠢ ᠶᠢᠨ ᠳᠠᠯᠠᠪᠠᠢ ᠳᠤ ᠴᠢᠯᠥᠭᠡᠳᠡᠢ ᠶᠠᠷᠢᠯᠴᠠᠨ᠂ ᠰᠠᠨᠠᠯ ᠵᠥᠪᠯᠡᠯᠭᠡ ᠪᠠᠨ ᠰᠤᠯᠢᠯᠴᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号