ᠰᠢᠷᠠᠮᠥ᠋ᠷᠡᠨ ᠪᠠᠯᠭᠠᠰᠤᠨ ᠤ ᠬᠤᠢ ᠰᠠᠯᠬᠢᠨ ᠳᠤ ᠲᠠᠭᠠᠷᠢᠭᠳᠠᠭᠰᠠᠨ ᠭᠠᠮᠰᠢᠭ ᠤᠨ ᠪᠠᠶᠢᠳᠠᠯ
ᠨᠡᠶᠢᠲᠡᠯᠡᠭᠰᠡᠨ ᠴᠠᠭ᠄
2020-08-13
     8 ᠰᠠᠷ᠎ᠠ ᠶᠢᠨ 9 ᠤ ᠡᠳᠦᠷ ᠤᠨ 15 ᠴᠠᠭ 30 ᠮᠢᠨᠦ᠋ᠲ ᠤᠨ ᠦᠶᠡᠰ᠂ ᠮᠠᠨ ᠤ ᠬᠤᠰᠢᠭᠤᠨ ᠤ ᠰᠢᠷᠠᠮᠥ᠋ᠷᠡᠨ ᠪᠠᠯᠭᠠᠰᠤᠨ ᠤ ᠬᠥᠬᠡ ᠳᠠᠷᠠᠰᠦ ᠭᠠᠴᠠᠭ᠎ᠠ ᠬᠤᠢ ᠰᠠᠯᠬᠢᠨ ᠳᠤ ᠳᠠᠭᠠᠷᠢᠭᠳᠠᠵᠤ᠂ ᠭᠠᠴᠠᠭᠠᠨ ᠤ ᠲᠠᠪᠤᠨ ᠮᠠᠯᠴᠢᠨ ᠠᠶᠢᠯ ᠭᠠᠮᠰᠢᠭᠳᠠᠨ᠂ ᠬᠤᠨᠳᠣ ᠨᠠᠭᠤᠷ ᠵᠤᠭᠠᠴᠠᠯ ᠤᠨ ᠭᠠᠵᠠᠷ ᠤᠨ 33 ᠨᠡᠷᠡᠰ ᠵᠤᠭᠠᠴᠠᠭᠰᠠᠳ ᠪᠠ ᠠᠵᠢᠯᠲᠠᠳ ᠠᠳᠠᠯᠢ ᠪᠤᠰᠤ ᠬᠡᠮᠵᠢᠶ᠎ᠡ ᠪᠠᠷ ᠰᠢᠷᠬᠠᠲᠤᠵᠤ᠂ 100 ᠢᠯᠡᠭᠦᠦ ᠮᠣᠩᠭᠤᠯ ᠭᠡᠷ ᠨᠤᠷᠠᠵᠤ ᠰᠦᠢᠳᠦᠭᠰᠡᠨ ᠪᠠᠶᠢᠨ᠎ᠠ᠃      8 ᠰᠠᠷ᠎ᠠ ᠶᠢᠨ 11 ᠤ ᠡᠳᠦᠷ ᠤᠨ 16 ᠴᠠᠭ ᠪᠣᠯᠲᠠᠯ᠎ᠠ ᠨᠡᠶᠢᠲᠡ 15 ᠬᠥᠮᠦᠨ ᠡᠮᠨᠡᠯᠭᠡ ᠠᠴᠠ ᠭᠠᠷᠴᠤ᠂ ᠣᠳᠣᠬᠠᠨ ᠳᠤ ᠪᠠᠰᠠ 18 ᠨᠡᠷᠡᠰ ᠰᠢᠷᠬᠠᠲᠤᠭᠰᠠᠳ ᠡᠮᠨᠡᠯᠭᠡ ᠳᠤ ᠡᠮᠨᠡᠭᠦᠯᠵᠦ ᠪᠠᠶᠢᠨ᠎ᠠ᠃ ᠡᠭᠦᠨ ᠳᠤ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠳᠤ 7 ᠰᠢᠷᠬᠠᠲᠤᠭᠰᠠᠳ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠳᠤ 4 ᠰᠢᠷᠬᠠᠲᠤᠭᠰᠠᠳ᠂ ᠦᠴᠦᠸᠡᠨ ᠰᠢᠶᠠᠨ ᠤ ᠡᠮᠨᠡᠯᠭᠡ ᠶᠢᠨ ᠬᠤᠷᠢᠶᠠᠨ ᠳᠤ 7 ᠰᠢᠷᠬᠠᠲᠤᠭᠰᠠᠳ ᠡᠮᠨᠡᠭᠦᠯᠵᠦ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠳᠤ ᠡᠮᠨᠡᠭᠦᠯᠵᠦ ᠪᠠᠶᠢᠬᠤ 3 ᠨᠡᠯᠢᠶᠡᠳ ᠬᠦᠨᠳᠦ ᠰᠢᠷᠬᠠᠲᠤᠭᠰᠠᠳ ᠤᠨ ᠪᠠᠶᠢᠳᠠᠯ ᠲᠣᠭᠲᠠᠪᠤᠷᠢᠵᠢᠭᠰᠠᠨ ᠪᠠᠶᠢᠨ᠎ᠠ᠃ ᠭᠠᠮᠰᠢᠭᠳᠠᠭᠰᠠᠨ ᠮᠠᠯᠴᠢᠳ ᠤᠨ ᠣᠷᠣᠨ ᠰᠠᠭᠤᠴᠠ ᠶᠢ ᠵᠠᠰᠠᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠦᠨ᠂ ᠣᠳᠣᠬᠠᠨ ᠪᠣᠯᠲᠠᠯ᠎ᠠ 2 ᠡᠷᠦᠬᠡ ᠶᠢᠨ ᠣᠷᠣᠨ ᠰᠠᠭᠤᠴᠠ ᠶᠢ ᠵᠠᠰᠠᠵᠤ ᠳᠠᠭᠤᠰᠬᠠᠨ᠂ ᠺᠠᠳ᠋ᠷ ᠠᠵᠢᠯᠲᠠᠨ᠂ ᠮᠠᠯᠴᠢᠨ ᠨᠠᠮ ᠤᠨ ᠭᠡᠰᠢᠭᠦᠳ ᠵᠢᠴᠢ ᠡᠷᠦᠬᠡ ᠶᠢᠨ ᠴᠡᠷᠢᠭ  ᠢ ᠵᠣᠬᠢᠶᠠᠨ ᠪᠠᠶᠢᠭᠤᠯᠵᠤ᠂ ᠲᠤᠬᠠᠶ ᠶᠢᠨ ᠲᠠᠯᠠᠪᠠᠢ ᠶᠢᠨ ᠬᠤᠭ ᠨᠣᠪᠰᠢ ᠶᠢ ᠪᠦᠬᠦ ᠲᠠᠯ᠎ᠠ ᠪᠠᠷ ᠴᠡᠪᠡᠷᠯᠡᠭᠰᠡᠨ ᠪᠠᠶᠢᠨ᠎ᠠ᠃ ᠰᠢᠯᠵᠢᠮᠡᠯ ᠬᠤᠯᠪᠣᠭᠠᠨ ᠤ ᠳᠣᠬᠢᠶ᠎ᠠ᠂ ᠴᠠᠬᠢᠯᠭᠠᠨ ᠬᠠᠩᠭᠠᠯᠭ᠎ᠠ ᠪᠦᠬᠦ ᠲᠠᠯ᠎ᠠ ᠪᠠᠷ ᠨᠡᠪᠲᠡᠷᠡᠭᠰᠡᠨ ᠪᠠᠶᠢᠨ᠎ᠠ᠃      50 ᠢᠯᠡᠭᠦᠦ ᠨᠡᠷᠡᠰ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠺᠠᠳ᠋ᠷ ᠠᠵᠢᠯᠲᠠᠳ ᠢ ᠵᠣᠬᠢᠶᠠᠨ ᠪᠠᠶᠢᠭᠤᠯᠵᠤ᠂ ᠲᠤᠬᠠᠶ ᠶᠢᠨ ᠲᠠᠯᠠᠪᠠᠢ ᠳᠤ ᠣᠷᠬᠢᠭᠳᠠᠭᠰᠠᠨ 2000 ᠲᠥᠭᠦᠷᠢᠭ ᠤᠨ ᠪᠠᠯᠠᠨ ᠮᠥᠩᠭᠦ᠂ 1 ᠭᠠᠷ ᠤᠲᠠᠰᠤ᠂ 40 ᠢᠯᠡᠭᠦᠦ ᠵᠠᠬ᠎ᠠ ᠬᠤᠪᠴᠠᠰᠤ᠂ 8 ᠪᠣᠭᠴᠣ᠂ 7 ᠡᠯ᠎ᠡ ᠵᠦᠢᠯ ᠤᠨ ᠦᠨᠡᠮᠯᠡᠯ ᠢ ᠡᠷᠢᠵᠦ ᠣᠯᠵᠤ᠂ 14 ᠨᠡᠷᠡᠰ ᠵᠤᠭᠠᠴᠠᠭᠰᠠᠳ ᠥᠪᠡᠷ ᠤᠨ ᠡᠳ᠋ ᠪᠣᠳᠠᠰ ᠢᠶᠠᠨ ᠲᠠᠨᠢᠨ ᠠᠪᠴᠤ᠂ ᠦᠯᠡᠳᠡᠭᠰᠡᠨ ᠡᠳ᠋ ᠪᠣᠳᠠᠰ ᠢ ᠰᠦᠯᠵᠢᠶ᠎ᠡ ᠪᠠᠷ ᠭᠡᠭᠡᠭᠰᠡᠨ ᠡᠵᠡᠨ ᠢ ᠨᠢ ᠡᠷᠢᠵᠦ ᠪᠠᠶᠢᠨ᠎ᠠ᠃      ᠪᠠᠴᠢᠮ ᠪᠠᠶᠢᠳᠠᠯ ᠢ ᠠᠷᠭᠠᠴᠠᠭᠠᠬᠤ ᠰᠠᠯᠠᠭ᠎ᠠ ᠮᠥᠴᠢᠷ ᠨᠢ ᠭᠠᠮᠰᠢᠭ ᠤᠨ ᠪᠠᠶᠢᠳᠠᠯ ᠢ ᠲᠣᠳᠣᠯᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠠᠩᠬ᠎ᠠ ᠠᠯᠬᠤᠮ ᠤᠨ ᠪᠦᠷᠢᠳᠬᠡᠯ ᠢᠶᠠᠷ᠂ 44 ᠮᠠᠯᠴᠢᠨ ᠠᠶᠢᠯ ᠤᠨ ᠣᠷᠣᠨ ᠰᠠᠭᠤᠴᠠ᠂ ᠲᠡᠷᠭᠡ ᠣᠨᠤᠭ᠎ᠠ ᠪᠠ ᠲᠠᠷᠢᠶᠠᠨ ᠭᠠᠵᠠᠷ ᠠᠳᠠᠯᠢ ᠪᠤᠰᠤ ᠬᠡᠮᠵᠢᠶᠡᠨ ᠤ ᠬᠤᠬᠢᠷᠠᠯ ᠬᠦᠷᠲᠡᠵᠦ᠂ ᠵᠤᠭᠠᠴᠠᠯ ᠤᠨ ᠴᠡᠭ ᠤᠨ 182 ᠮᠣᠩᠭᠤᠯ ᠭᠡᠷ ᠨᠤᠷᠠᠵᠤ᠂ ᠲᠡᠷᠭᠡ ᠣᠨᠤᠭ᠎ᠠ ᠨᠢ ᠴᠦ ᠠᠳᠠᠯᠢ ᠪᠤᠰᠤ ᠬᠡᠮᠵᠢᠶ᠎ᠡ ᠪᠠᠷ ᠬᠤᠬᠢᠷᠠᠵᠤ ᠰᠦᠢᠳᠤᠨ᠂ ᠬᠥᠬᠡ ᠳᠠᠷᠡᠰᠦ ᠭᠠᠴᠠᠭᠠᠨ ᠤ ᠨᠡᠶᠢᠲᠡ ᠶᠢᠨ ᠠᠵᠤ ᠠᠬᠤᠢ ᠶᠢᠨ 300 ᠮᠥ ᠨᠡᠷᠡᠨ ᠬᠤᠸᠠᠷ ᠂ 20 ᠮᠦ ᠰᠢᠯᠢᠮᠳᠡᠭ᠂ 5000 ᠮᠦ ᠠᠮᠢ ᠠᠬᠤᠢ ᠶᠢᠨ ᠲᠣᠤᠷ ᠰᠦᠢᠳᠴᠥ᠂ ᠠᠩᠬ᠎ᠠ ᠠᠯᠬᠤᠮ ᠤᠨ ᠬᠢᠨᠠᠨ ᠪᠣᠳᠣᠯᠲᠠ ᠪᠠᠷ᠂ ᠠᠵᠤ ᠠᠬᠤᠢ ᠶᠢᠨ ᠬᠤᠬᠢᠷᠠᠯ ᠨᠡᠶᠢᠲᠡ 1800 ᠲᠦᠮᠡᠨ ᠲᠥᠭᠦᠷᠢᠭ ᠣᠶᠢᠷᠠᠲᠤᠭᠰᠠᠨ ᠪᠠᠶᠢᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号