ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ ᠳᠥᠷᠪᠡᠳᠥᠭᠡᠢ ᠳᠡᠰ ᠤᠨ ᠰᠡᠷᠡᠮᠵᠢ ᠶᠢᠨ ᠳᠤᠬᠢᠶ᠎ᠠ ᠶᠢ ᠵᠤᠭᠰᠣᠭᠠᠬᠤ ᠮᠡᠳᠡᠭᠳᠡᠯ
ᠨᠡᠶᠢᠲᠡᠯᠡᠭᠰᠡᠨ ᠴᠠᠭ᠄
2020/8/18
     8 ᠰᠠᠷ᠎ᠠ ᠶᠢᠨ12 ᠤ ᠡᠳᠥᠷ᠂ ᠳᠤᠰᠬᠠᠢ ᠮᠡᠷᠭᠡᠵᠢᠯᠳᠡᠨ ᠤ ᠳᠤᠭᠤᠶᠢᠯᠠᠩ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠰᠢᠪᠡᠷᠭᠦᠷᠢᠶ᠎ᠡ ᠪᠠᠯᠭᠠᠰᠤᠨ ᠤ ᠥᠨᠳᠥᠷ ᠪᠤᠯᠤᠩ ᠳᠤᠰᠬᠤᠨ ᠤ ᠵᠥᠪᠯᠡᠯ ᠤᠨ ᠰᠡᠭᠦᠵᠢ ᠰᠢᠨ᠎ᠡ ᠳᠤᠰᠬᠤᠨ ᠤ ᠬᠤᠯᠤᠭᠠᠨ᠎ᠠ ᠶᠢᠨ ᠬᠢᠵᠢᠭ ᠤᠨ ᠤᠷᠤᠨ ᠢ ᠰᠢᠢᠳᠪᠥᠷᠢᠯᠡᠭᠦ ᠠᠵᠢᠯ ᠢ ᠪᠥᠭᠦ ᠳᠠᠯ᠎ᠡ ᠪᠠᠷ ᠦᠨᠡᠯᠡᠨ ᠵᠢᠱᠢᠵᠥ ᠬᠢᠨᠠᠨ ᠰᠢᠯᠭᠠᠯᠳᠠ ᠶᠠᠪᠤᠭᠤᠯᠵᠤ᠂ ᠰᠢᠪᠡᠷᠭᠦᠷᠢᠶ᠎ᠡ ᠪᠠᠯᠭᠠᠰᠤᠨ ᠤ ᠥᠨᠳᠥᠷ ᠪᠤᠯᠤᠩ ᠳᠤᠰᠬᠤᠨ ᠤ ᠵᠥᠪᠯᠡᠯ  ᠤᠨ ᠰᠡᠭᠦᠵᠢ ᠰᠢᠨ᠎ᠡ ᠳᠤᠰᠬᠤᠨ ᠤ ᠬᠤᠯᠤᠭᠠᠨ᠎ᠠ ᠶᠢᠨ ᠬᠢᠵᠢᠭ ᠤᠨ ᠤᠷᠤᠨ ᠪᠠ ᠡᠷᠬᠢᠨ ᠳᠤᠭᠤᠷᠢᠨ ᠨᠢ ︽ᠪᠥᠭᠦᠳᠡ ᠨᠠᠶᠢᠷᠠᠮᠳᠠᠬᠤ ᠳᠤᠮᠳᠠᠳᠥ ᠤᠯᠤᠰ ᠤᠨ ᠠᠷᠠᠳ ᠤᠯᠤᠰ ᠤᠨ ᠬᠠᠯᠳᠠᠪᠥᠷᠢᠳᠥ ᠡᠪᠡᠳᠴᠢᠨ ᠢ ᠵᠠᠰᠠᠬᠤ ᠬᠠᠤᠯᠢ︾᠂ ︽ᠭᠥᠮᠥᠨ ᠳᠤ ᠬᠠᠯᠳᠠᠪᠥᠷᠢᠯᠠᠭᠰᠠᠨ ᠬᠢᠵᠢᠭ ᠤᠨ ᠤᠷᠤᠨ ᠢ ᠰᠢᠢᠳᠪᠥᠷᠢᠯᠡᠭᠦ ᠪᠠᠷᠢᠮᠵᠢᠶ᠎ᠠ ᠵᠠᠷᠴᠢᠮ ︵GB15978-1995︶︾ ᠵᠢᠴᠢ ᠤᠯᠤᠰ᠂ ᠥᠪᠡᠷᠳᠡᠭᠡᠨ ᠵᠠᠰᠠᠬᠤ ᠤᠷᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠭᠦ ᠪᠠᠴᠢᠮ ᠪᠠᠶᠢᠳᠠᠯ ᠢ ᠠᠷᠭᠠᠴᠠᠬᠤ ᠳᠥᠰᠥᠪ ᠲᠤ ᠳᠣᠭᠳᠠᠭᠠᠭᠰᠠᠨ ᠰᠢᠢᠳᠪᠥᠷᠢᠯᠡᠭᠦ ᠪᠠᠷᠢᠮᠵᠢᠶ᠎ᠠ ᠪᠤᠯᠤᠨ ᠱᠠᠭᠠᠷᠳᠠᠯᠭ᠎ᠠ ᠳᠤ ᠬᠥᠷᠥᠭᠰᠡᠨ ᠬᠡᠵᠥ ᠰᠠᠨᠠᠯ ᠨᠢᠭᠡᠳᠡᠢ ᠵᠥᠪᠰᠢᠶᠡᠷᠡᠪᠡ᠃ ᠨᠢᠭᠳᠠ ᠬᠠᠷᠢᠴᠠᠭᠰᠠᠨ ᠪᠥᠬᠦ ᠬᠥᠮᠥᠰ ᠤᠨ ᠬᠤᠯᠤᠭᠠᠨ᠎ᠠ ᠶᠢᠨ ᠬᠢᠵᠢᠭ ᠤᠨ ᠰᠢᠯᠭᠠᠨ ᠪᠠᠶᠢᠴᠠᠭᠠᠯᠳᠠ ᠶᠢᠨ ᠳ᠋ᠦᠩ ᠨᠢ ᠪᠥᠷ ᠪᠢᠯᠢᠭ ᠴᠢᠨᠠᠷ ᠲᠠᠢ ᠪᠠᠶᠢᠵᠥ᠂ ᠬᠠᠯᠠᠭᠤᠷᠠᠬᠤ ᠬᠠᠨᠢᠶᠠᠯᠭᠠᠬᠤ ᠢᠯᠡᠷᠡᠯ ᠦᠭᠡᠢ᠂ ᠪᠠᠶᠢᠴᠠᠭᠠᠯᠳᠠ ᠬᠢᠭᠰᠡᠨ9 ᠡᠳᠥᠷ ᠤᠨ ᠳᠣᠳᠣᠷ᠎ᠠ ᠡᠪᠡᠳᠴᠢᠨ ᠤ ᠵᠢᠱᠢᠶ᠎ᠠ ᠭᠠᠷᠤᠭᠰᠠᠨ ᠦᠭᠡᠢ᠂ ᠬᠢᠵᠢᠭ ᠤᠨ ᠤᠷᠤᠨ ᠢ ᠰᠢᠢᠳᠪᠥᠷᠢᠯᠡᠭᠦ ᠠᠵᠢᠯ ᠤᠨ ᠬᠢᠨᠠᠨ ᠰᠢᠯᠭᠠᠯᠳᠠ  ᠶᠢ ᠥᠩᠭᠡᠷᠡᠪᠡ᠃8 ᠰᠠᠷ᠎ᠠ ᠶᠢᠨ12 ᠤ ᠡᠳᠥᠷ ᠤᠨ22 ᠴᠠᠭ ᠠᠴᠠ ᠡᠬᠢᠯᠡᠨ᠂ ᠰᠢᠪᠡᠷᠭᠦᠷᠢᠶ᠎ᠡ ᠪᠠᠯᠭᠠᠰᠤᠨ ᠤ ᠥᠨᠳᠥᠷ ᠪᠤᠯᠤᠩ ᠳᠤᠰᠬᠤᠨ ᠤ ᠵᠥᠪᠯᠡᠯ ᠤᠨ ᠰᠡᠭᠦᠵᠢ ᠰᠢᠨ᠎ᠡ ᠳᠤᠰᠬᠤᠨ ᠢ ᠪᠢᠳᠡᠭᠦᠮᠵᠢᠯᠡᠨ ᠳᠣᠰᠠᠭᠠᠷᠯᠠᠬᠤ ᠪᠠᠨ ᠵᠤᠭᠰᠤᠭᠠᠵᠤ᠂ ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ ᠳᠥᠷᠪᠡᠳᠥᠭᠡᠢ ᠳᠡᠰ ᠤᠨ ᠰᠡᠷᠡᠮᠵᠢ ᠶᠢᠨ ᠳᠤᠬᠢᠶ᠎ᠠ ᠶᠢ ᠳᠠᠷᠣᠶᠢᠬᠠᠨ ᠵᠤᠭᠰᠤᠭᠠᠪᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号