ᠪᠤᠭᠤᠲᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠦᠨ ᠭᠠᠩ ᠮᠠᠨᠳᠤᠯ ᠪᠠᠯᠭᠠᠰᠤᠨ ᠳᠤ ︽ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ︾ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020/8/21
     8 ᠰᠠᠷ᠎ᠠ ᠶᠢᠨ 19 ᠤ ᠦᠳᠡ ᠶᠢᠨ ᠬᠤᠶᠢᠨ᠎ᠠ᠂ ᠪᠤᠭᠤᠲᠤ ᠬᠤᠳᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠦᠨ ᠭᠠᠩ᠂ ᠤᠯᠤᠰ ᠲᠥᠷᠥ ᠶᠢᠨ ᠵᠥᠪᠯᠡᠯᠭᠡᠨ ᠤ ᠦᠨᠳᠦᠰᠦᠲᠡᠨ ᠱᠠᠰᠢᠨ ᠰᠤᠷᠲᠠᠬᠤᠨ ᠤ ᠵᠥᠪᠯᠡᠯ ᠤᠨ ᠡᠷᠬᠢᠯᠡᠭᠴᠢ ᠪᠠᠶ ᠰᠧ ᠸᠠᠩ ᠨᠠᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠨᠳᠤᠯ ᠪᠠᠯᠭᠠᠰᠤᠨ ᠳᠤ ᠭᠥᠨᠵᠡᠭᠡᠶᠢᠷᠡᠵᠤ᠂ ᠮᠠᠨᠳᠤᠯ ᠪᠠᠯᠭᠠᠰᠤᠨ ᠤ ᠲᠠᠯ᠎ᠠ ᠨᠤᠲᠤᠭ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠵᠢᠴᠢ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠵᠤ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠣᠳᠣ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠠᠷᠠᠩᠭᠤᠸ᠎ᠠ᠂ ᠮᠠᠨᠳᠤᠯ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠦᠷᠢᠨ ᠪᠠᠷ᠎ᠠ ᠪᠣᠯᠤᠯᠴᠠᠪᠠ᠃
     ᠪᠠᠶᠢᠴᠠᠭᠠᠨ ᠰᠤᠳᠤᠯᠬᠤ ᠳᠤᠭᠤᠶᠢᠯᠠᠩ ᠨᠢ ᠮᠠᠨᠳᠤᠯ ᠪᠠᠯᠭᠠᠰᠤᠨ ᠤ ᠡᠷᠳᠡᠨᠢᠨᠪᠤᠭ᠎ᠠ ᠭᠠᠴᠠᠭᠠᠨ ᠤ ᠮᠠᠯᠴᠢᠨ ᠪᠠᠳᠤᠳᠤᠭᠳᠠᠬᠤ ᠶᠢᠨ ᠭᠡᠷ ᠪᠠ ︽ᠰᠠᠶᠢᠬᠠᠨ ᠭᠤᠪᠢ ᠮᠢᠬᠠᠨ ᠤ ᠦᠢᠯᠡᠰ︾ ᠤᠨ ᠬᠤᠷᠰᠢᠶ᠎ᠠ ᠪᠠᠷ ᠲᠣᠭᠤᠷᠢᠨ ᠦᠵᠡᠬᠦ  ᠶᠢᠨ ᠬᠠᠮᠲᠤ᠂ ᠡᠭᠦᠯᠳᠡᠷ ᠰᠠᠶᠢᠵᠢᠷᠠᠭᠤᠯᠤᠭᠰᠠᠨ ᠦᠬᠡᠷ ᠪᠣᠯᠤᠨ ᠣᠳᠣᠬᠢᠴᠢᠯᠠᠭᠰᠠᠨ ᠬᠠᠰᠢᠶᠠᠯᠠᠨ ᠲᠡᠵᠢᠭᠡᠵᠦ ᠦᠷᠡᠵᠢᠭᠦᠯᠬᠦ ᠦᠢᠯᠡᠰ ᠤᠨ ᠲᠥᠬᠦᠭᠡᠷᠦᠮᠵᠢ ᠶᠢ ᠲᠣᠭᠤᠷᠢᠨ ᠦᠵᠡᠵᠦ᠂ ᠨᠤᠲᠤᠭ ᠪᠡᠯᠴᠢᠭᠡᠷ ᠤᠨ ᠣᠳᠣᠬᠢ ᠪᠠᠶᠢᠳᠠᠯ᠂ ᠠᠮᠢ ᠠᠬᠤᠶ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠠᠪᠤᠭᠰᠠᠨ ᠭᠤᠤᠯ ᠠᠷᠭ᠎ᠠ ᠬᠡᠮᠵᠢᠶ᠎ᠡ ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠪᠣᠳᠠᠲᠠᠶ ᠦᠷ᠎ᠡ ᠪᠦᠲᠦᠮᠵᠢ ᠵᠢᠴᠢ ᠤᠳᠣᠬᠢᠴᠢᠯᠠᠭᠰᠠᠨ ᠮᠠᠯ ᠠᠵᠤ ᠠᠬᠤᠢ ᠶᠢ ᠬᠥᠭᠵᠢᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠯᠠᠪᠯᠠᠵᠤ᠂ ᠢᠷᠡᠭᠡᠳᠦᠶ ᠳᠤ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠬᠡᠷᠬᠢᠨ ᠰᠢᠨᠵᠢᠯᠡᠭᠦ ᠤᠬᠠᠭᠠᠨᠴᠢ ᠪᠥᠭᠡᠳ ᠪᠦᠲᠦᠮᠵᠢᠲᠡᠶ ᠲᠣᠭᠲᠠᠭᠤᠨ ᠢᠶᠠᠷ ᠲᠡᠭᠦᠯᠳᠡᠷᠵᠢᠭᠦᠯᠬᠦ ᠪᠠ ᠬᠡᠷᠡᠭᠵᠢᠭᠦᠯᠬᠦ ᠲᠤᠬᠠᠢ ᠨᠠᠮ ᠤᠨ ᠭᠡᠰᠢᠭᠦᠳ ᠺᠠᠳ᠋ᠷ ᠪᠣᠯᠤᠨ ᠮᠠᠯᠴᠢᠳ ᠤᠨ ᠰᠠᠨᠠᠯ ᠰᠠᠨᠠᠭᠤᠯᠭ᠎ᠠ ᠶᠢ ᠰᠣᠨᠣᠰᠴᠠᠢ᠃
     ᠪᠠᠶᠢᠴᠠᠭᠠᠨ ᠰᠤᠳᠤᠯᠬᠤ ᠳᠤᠭᠤᠶᠢᠯᠠᠩ ᠠᠴᠠ ᠮᠠᠨᠳᠤᠯ ᠪᠠᠯᠭᠠᠰᠤᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠵᠢᠴᠢ ᠬᠥᠭᠵᠢᠯᠲᠡ ᠶᠢᠨ ᠣᠳᠣᠬᠢ ᠪᠠᠶᠢᠳᠠᠯ ᠢ ᠭᠥᠢᠴᠡᠳ ᠨᠤᠲᠠᠯᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠵᠢᠯᠣᠭᠤᠳᠬᠤ ᠴᠢᠨᠠᠷᠲᠠᠶ ᠰᠠᠨᠠᠭᠤᠯᠭ᠎ᠠ ᠳᠤᠷᠠᠳᠴᠠᠶ᠃ ᠡᠭᠦᠨ ᠤ ᠬᠠᠮᠲᠤ ᠲᠥᠪ ᠤᠨ ᠮᠠᠯᠵᠢᠬᠤ ᠣᠷᠣᠨ ᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠨ᠂ ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠣᠳᠣᠬᠢᠴᠢᠯᠠᠭᠰᠠᠨ ᠮᠠᠯ ᠠᠵᠤ ᠠᠬᠤᠶ᠂ ᠣᠨᠴᠠᠯᠢᠭᠲᠤ ᠲᠠᠷᠢᠶᠠᠯᠠᠩ᠂ ᠵᠢᠭᠤᠯᠴᠢᠯᠠᠯ ᠤᠨ ᠦᠢᠯᠡᠰ ᠵᠡᠷᠭᠡ ᠳᠠᠪᠠᠭᠤᠯᠢᠭ ᠠᠵᠤ ᠦᠢᠯᠡᠰ ᠢ ᠢᠳᠡᠪᠬᠢᠲᠡᠶ ᠬᠥᠭᠵᠢᠭᠦᠯᠦᠨ᠂ ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠰᠢᠨ᠎ᠡ ᠴᠠᠭ ᠦᠶ᠎ᠡ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠰᠠᠶᠢᠲᠤᠷ ᠬᠢᠬᠦ ᠶᠢᠨ ︽ᠶᠡᠷᠦᠩᠬᠡᠢ ᠭᠠᠷᠳᠠᠴᠠ︾ ᠪᠣᠯᠭᠠᠵᠤ᠂ ᠠᠮᠢ ᠠᠬᠤᠢ᠂ ᠦᠢᠯᠡᠳᠪᠥᠷᠢᠯᠡᠯ᠂ ᠠᠮᠢᠳᠤᠷᠠᠯ ᠤᠨ ᠬᠠᠮᠲᠤ ᠪᠠᠷ ᠠᠰᠢᠭ ᠬᠦᠷᠲᠡᠬᠦ ᠶᠢ ᠴᠢᠷᠮᠠᠶᠢᠨ ᠪᠡᠶᠡᠯᠡᠭᠦᠯᠵᠥ᠂ ᠮᠠᠯᠵᠢᠬᠤ ᠣᠷᠣᠨ ᠤ ᠬᠥᠭᠵᠢᠯᠲᠡ ᠶᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ ᠦᠷᠭᠦᠯᠵᠢᠯᠡᠯ ᠤᠨ ᠴᠢᠨᠠᠷᠲᠠᠶ ᠪᠠᠶᠢᠯᠭᠠᠬᠤ ᠶᠢ ᠴᠢᠬᠤᠯᠠᠴᠢᠯᠠᠬᠤ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠪᠠᠭᠠᠳᠣᠷᠯᠢᠭ ᠳᠠᠷᠬᠠᠨ ᠮᠤᠤᠮᠢᠩᠭᠠᠨ ᠵᠢᠷᠬᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号