ᠰᠢᠤᠸᠠᠢ ᠰᠦᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ ᠪᠦᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2020/8/21
     8 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠤᠸᠠᠢ ᠰᠥᠩ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ 120 ᠳ᠋ᠤᠭᠠᠷ ᠣᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠥᠨᠵᠡᠭᠡᠶᠢᠷᠡᠭᠦᠯᠬᠦ ᠵᠥᠪᠯᠡᠯ ᠤᠨ 9 ᠳ᠋ᠤᠭᠡᠷ ᠣᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃
     ᠬᠤᠷᠠᠯ ᠳᠡᠭᠡᠷ᠎ᠡ ᠤᠯᠠᠮᠵᠢᠯᠠᠨ ᠰᠣᠷᠣᠯᠴᠠᠭᠰᠠᠨ ᠨᠢ᠄      7 ᠰᠠᠷ᠎ᠠ ᠶᠢᠨ 22 ᠤᠨ ᠡᠳᠦᠷ ᠠᠴᠠ 24 ᠤ ᠡᠳᠦᠷ ᠪᠣᠯᠲᠠᠯ᠎ᠠ ᠶᠡᠷᠦᠩᠬᠡᠶ ᠱᠦᠵᠢ ᠰᠢ ᠶᠢᠨ ᠫᠢᠩ ᠤᠨ ᠭᠢᠷᠢᠨ ᠳᠤ ᠠᠵᠢᠯ ᠪᠠᠶᠢᠴᠠᠭᠠᠬᠤ ᠳᠠᠭᠠᠨ ᠬᠡᠯᠡᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ 7 ᠰᠠᠷ᠎ᠠ ᠶᠢᠨ 30 ᠤ ᠡᠳᠦᠷ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠠᠵᠢᠯᠯᠠᠭ᠎ᠠ ᠶᠢ ᠬᠤᠷᠢᠭᠯᠠᠬᠤ ᠲᠤᠬᠠᠢ ᠬᠢᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ 7 ᠰᠠᠷ᠎ᠠ ᠶᠢᠨ 20 ᠤ ᠡᠳᠦᠷ ᠠᠴᠠ 30 ᠤ ᠡᠳᠦᠷ ᠪᠣᠯᠲᠠᠯ᠎ᠠ ᠱᠢ ᠲᠠᠢ ᠹᠧᠩ ᠱᠦᠵᠢ ᠶᠢᠨ ᠬᠥᠬᠡᠬᠤᠲᠠ ᠪᠤᠭᠤᠲᠤ ᠣᠷᠳᠣᠰ ᠭᠤᠷᠪᠠᠨ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 7 ᠰᠠᠷ᠎ᠠ ᠶᠢᠨ 30 ᠤ ᠡᠳᠦᠷ ᠵᠠᠩ ᠶᠤᠸᠠᠨ ᠵᠥᠩ ᠱᠦᠵᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠪᠠᠶᠢᠴᠠᠭᠠᠨ ᠰᠤᠳᠣᠯᠣᠯᠳᠡ ᠬᠢᠭᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠵᠢᠴᠢ 8 ᠰᠠᠷ᠎ᠠ ᠶᠢᠨ 17 ᠤ ᠡᠳᠦᠷ ᠪᠥᠬᠦ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠳᠡ ᠵᠢᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠣᠭᠤᠷᠢᠨ ᠦᠵᠡᠵᠦ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠄      ᠶᠡᠷᠦᠩᠬᠡᠶ ᠱᠦᠵᠢ ᠰᠢ ᠶᠢᠨ ᠫᠢᠩ ᠭᠢᠷᠢᠨ ᠳᠤ ᠠᠵᠢᠯ ᠪᠠᠶᠢᠴᠠᠭᠠᠬᠤ ᠳᠠᠭᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠨᠢ ᠬᠠᠷᠠᠯᠳᠡ ᠬᠤᠯᠠ᠂ ᠠᠭᠤᠯᠭ᠎ᠠ ᠪᠠᠶᠠᠯᠢᠭ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠶᠢᠯᠭᠠᠵᠤ᠂ ᠭᠦᠨᠵᠡᠭᠡᠶ ᠰᠣᠳᠣᠯᠣᠯᠳᠠ ᠬᠢᠬᠦ᠂ ᠭᠦᠨᠵᠡᠭᠡᠶ ᠪᠠᠶᠢᠴᠠᠭᠠᠯᠲᠠ ᠬᠢᠬᠦ᠂ ᠰᠢᠨᠵᠢᠯᠡᠬᠦ ᠤᠬᠠᠭᠠᠨᠴᠢ ᠪᠠᠷ ᠰᠢᠢᠳᠪᠥᠷᠢᠳᠥ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠲᠠᠰᠤᠷᠠᠯᠲᠠ ᠥᠬᠡᠶ ᠠᠬᠢᠭᠤᠯᠤᠨ᠎ᠠ᠃ ᠰᠡᠳᠬᠢᠬᠦᠶ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠬᠥᠭᠵᠢᠯᠲᠡ ᠶᠢᠨ ᠣᠶᠢᠯᠠᠭᠠᠭᠳᠠᠬᠤᠨ ᠢ ᠰᠢᠯᠢᠳᠡᠭᠵᠢᠭᠦᠯᠵᠥ᠂ ᠰᠢᠨᠵᠢᠯᠡᠬᠦ ᠮᠡᠷᠭᠡᠵᠢᠯ ᠤᠨ ᠰᠢᠨ᠎ᠡ ᠡᠭᠦᠳᠦᠯᠲᠡ ᠪᠠᠷ ᠬᠦᠴᠦᠯᠡᠬᠦ ᠴᠡᠭ ᠪᠣᠯᠭᠠᠵᠤ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠬᠠᠮᠲᠤ ᠠᠵᠤ  ᠦᠢᠯᠡᠰ ᠤᠨ ᠬᠡᠯᠬᠢᠶ᠎ᠡ ᠶᠢᠨ ᠳᠤᠲᠠᠭᠤᠳᠠᠯ ᠢ ᠳᠥᠷᠭᠡᠳᠬᠡᠨ ᠨᠥᠬᠦᠪᠥᠷᠢᠯᠡᠵᠥ᠂ ᠠᠵᠤ ᠦᠢᠯᠡᠳᠪᠥᠷᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠡᠶᠡᠯᠡᠭᠦᠯᠦᠨ᠎ᠡ᠃ ᠤᠷᠢᠳᠴᠢᠯᠠᠨ ᠲᠥᠯᠥᠪᠯᠡᠵᠦ᠂ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠠᠷᠠᠳ ᠠᠴᠠ ᠠᠷᠭ᠎ᠠ ᠤᠬᠠᠭᠠᠨ ᠠᠰᠠᠭᠤᠬᠤ ᠶᠢ ᠪᠠᠷᠢᠮᠲᠠᠯᠠᠬᠤ ᠲᠠᠢ ᠤᠶᠠᠯᠳᠤᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠨ᠎ᠠ᠃ ︽ᠨᠢᠭᠡ ᠯᠡ ᠬᠡᠪᠰᠢᠯ ᠳᠤ ᠣᠯᠠᠨ ᠵᠦᠢᠯ ᠬᠡᠷᠡᠭᠯᠡᠬᠦ︾ ᠶᠢ ᠲᠦᠷᠭᠡᠳᠬᠡᠨ ᠠᠬᠢᠭᠤᠯᠵᠤ᠂ ᠡᠯ᠎ᠡ ᠲᠥᠷᠥᠯ ᠤᠨ ᠪᠡᠯᠡ ᠮᠥᠩᠭᠦ᠂ ᠬᠦᠴᠦᠨ ᠢ ᠡᠮᠬᠢᠯᠡᠨ ᠨᠡᠶᠢᠯᠡᠭᠦᠯᠵᠦ᠂ ᠰᠦᠯᠵᠢᠶᠡᠨ ᠤ ᠠᠵᠢᠯᠲᠠᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢᠨ ᠬᠠᠮᠲᠤ ᠣᠯᠭᠤᠮᠵᠢ ᠶᠢ ᠳᠡᠭᠡᠭᠰᠢᠯᠡᠭᠦᠯᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠣᠢ ᠪᠣᠯᠭᠠᠨ᠎ᠠ᠃ ᠪᠦᠬᠦ ᠤᠯᠤᠰ ᠤᠨ ᠰᠢᠶᠠᠨ ᠤ ᠱᠠᠲᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠣᠭᠤᠷᠢᠨ ᠳᠤ ᠠᠵᠢᠯᠴᠢ ᠠᠷᠪᠢᠴᠢ ᠰᠤᠷᠲᠠᠯ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠵᠤ᠂ ᠨᠡᠶᠢᠭᠡᠮ ᠳᠠᠶᠠᠭᠠᠷ ᠲᠤ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ ᠠᠭᠤᠷ ᠠᠮᠢᠰᠬᠤᠯ ᠢ ᠪᠤᠢ ᠪᠣᠯᠭᠠᠵᠤ᠂ ᠢᠳᠡᠭᠡᠨ ᠤᠮᠳᠠᠭᠠᠨ ᠤ ᠲᠠᠯ᠎ᠠ ᠪᠠᠷ ᠬᠢ ᠪᠦᠷᠢᠯᠭᠡᠨ ᠰᠦᠢᠳᠭᠡᠬᠦ ᠶᠢ ᠬᠤᠷᠢᠭᠯᠠᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ      ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠡᠯᠡ ᠣᠷᠣᠭᠤᠯᠣᠯᠳᠠ ᠶᠢ ᠲᠣᠭᠲᠠᠪᠤᠷᠢᠵᠢᠭᠤᠯᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠪᠠᠭᠤᠷᠠᠭᠤᠯᠵᠤ᠂ ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠠᠰᠢᠭᠲᠠᠶ ᠶᠤᠮ᠃ ᠪᠦᠬᠦ ᠬᠤᠰᠢᠭᠤᠨ ᠤ ᠳᠡᠭᠡᠳᠥ ᠳᠣᠣᠷᠠᠳᠤ ᠱᠠᠲᠤᠨ ᠤ ᠬᠢᠨ ᠳᠡᠭᠡᠳᠥ ᠬᠡᠮᠵᠢᠶ᠎ᠡ ᠪᠠᠷ ᠴᠢᠬᠤᠯᠠᠴᠢᠯᠠᠵᠤ᠂ ᠲᠣᠬᠢᠶᠠᠯ ᠢ ᠵᠠᠪᠳᠤᠨ ᠂ ᠬᠦᠴᠢᠷ ᠢ ᠰᠦᠷᠦᠨ ᠤᠷᠤᠭᠰᠢᠯᠠᠬᠤ ᠬᠡᠷᠡᠭᠲᠡᠶ᠃ ᠢᠲᠡᠭᠡᠯ ᠵᠣᠷᠢᠭ ᠢᠶᠠᠨ ᠪᠠᠲᠤᠳᠬᠠᠵᠤ᠂ ᠲᠥᠷᠥᠯ ᠵᠦᠢᠯ ᠢᠶᠠᠷ ᠪᠠᠯᠠ ᠣᠷᠣᠭᠤᠯᠤᠯᠲᠠ ᠶᠢ ᠳᠠᠶᠢᠴᠢᠯᠠᠵᠤ᠂ ᠪᠠᠯᠠ ᠣᠷᠣ ᠭᠤᠯᠤᠯᠲᠠ ᠪᠠᠷ ᠬᠥᠭᠵᠢᠯᠲᠡ ᠶᠢ ᠠᠬᠢᠭᠤᠯᠤᠨ᠎ᠠ᠃ ᠬᠠᠷᠠᠯᠲᠠᠲᠤ ᠬᠠᠷᠢᠭᠤᠴᠠᠯᠭ᠎ᠠ ᠪᠠᠨ ᠪᠠᠲᠤᠳᠬᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠨᠥᠭᠡᠴᠡ ᠬᠥᠮᠥᠷᠭᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠳᠡᠢ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠷ᠎ᠡ ᠠᠰᠢᠭ ᠢ ᠡᠷᠲᠡᠬᠡᠨ ᠪᠠᠳᠠᠷᠠᠭᠤᠯᠬᠤ ᠪᠠᠷ ᠴᠢᠷᠮᠠᠶᠢᠵᠤ᠂ ᠪᠦᠬᠦ ᠬᠤᠰᠢᠭᠤᠨ ᠤ ᠠᠵᠤ ᠠᠬᠤᠢ ᠶᠢᠨ ᠦᠷᠭᠦᠯᠵᠢᠯᠡᠨ ᠬᠥᠭᠵᠢᠬᠦ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ      ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ ᠲᠤᠬᠠᠶ ᠴᠢᠬᠤᠯᠠ ᠦᠭᠦᠯᠡᠯᠳᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠲᠣᠰ ᠭᠠᠵᠠᠷ ᠤᠨ ᠣᠨᠴᠠᠯᠢᠭᠲᠤ ᠰᠣᠶᠣᠯ  ᠭᠦᠢᠴᠡᠳ ᠠᠭᠤᠳᠠᠯᠵᠤ᠂ ᠰᠣᠳᠣᠨ ᠵᠢᠭᠤᠯᠴᠢᠯᠠᠯ᠂ ᠣᠨᠴᠠᠯᠢᠭᠲᠤ ᠵᠢᠭᠤᠯᠴᠢᠯᠠᠯ ᠢ ᠪᠤᠢ ᠪᠣᠯᠭᠠᠵᠤ᠂ ᠵᠢᠭᠤᠯᠴᠢᠯᠠᠯ ᠤᠨ ᠨᠡᠷᠡᠲᠦ ᠲᠥᠷᠥᠯ ᠳᠡᠮᠳᠡᠭᠳᠥ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠢᠭᠤᠯᠴᠢᠯᠠᠯ ᠤᠨ ᠦᠢᠯᠡᠳᠭᠦᠨ ᠤ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠵᠢᠭᠤᠯᠴᠢᠯᠠᠯ ᠤᠨ ᠬᠠᠩᠭᠠᠯᠭ᠎ᠠ ᠶᠢᠨ ᠴᠢᠨᠠᠷ ᠴᠢᠨᠰᠠᠭ᠎ᠠ ᠶᠢ ᠪᠠᠶᠠᠯᠢᠭᠵᠢᠭᠤᠯᠤᠨ ᠳᠡᠭᠡᠭᠰᠢᠯᠡᠭᠦᠯᠵᠦ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ᠎ᠡ᠃      ᠬᠤᠷᠠᠯ ᠢᠶᠠᠷ ᠬᠢᠨᠠᠨ ᠪᠠᠳᠣᠯᠠᠭᠰᠠᠨ ᠨᠢ᠄      ︽ᠬᠤᠰᠢᠭᠤᠨ ᠳᠠᠷᠤᠭ᠎ᠠ᠂ ᠳᠡᠳ᠋ ᠬᠤᠰᠢᠭᠤᠨ ᠳᠠᠷᠤᠭ᠎ᠠ᠂ ᠪᠠᠷᠠᠭᠤᠨ ᠠᠵᠤ ᠦᠢᠯᠡᠳᠪᠥᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠢᠨ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠲᠤᠬᠠᠶ ᠬᠠᠷᠢᠭᠤ ᠮᠡᠳᠡᠭᠦᠯᠦᠯᠲᠡ︾ ︽︿ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠮᠠᠯᠴᠢᠨ ᠲᠠᠷᠢᠶᠠᠴᠢᠨ﹀ ᠤ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠦᠨᠡᠨ ᠬᠦ ᠰᠠᠶᠢᠲᠤᠷ ᠠᠳᠬᠤᠵᠤ ᠬᠤᠭᠤᠴᠠᠭ᠎ᠠ ᠶᠤᠰᠤᠭᠠᠷ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠲᠤᠬᠠᠶ ᠬᠡᠷᠡᠭᠵᠢᠭᠦᠯᠬᠦ ᠲᠥᠰᠦᠯ︾᠂ ︽ᠰᠢᠨ᠎ᠡ ᠴᠠᠭ ᠦᠶ᠎ᠡ ᠳᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠬᠡᠷᠡᠭᠵᠢᠭᠦᠯᠬᠦ ᠲᠥᠰᠦᠯ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ︿ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠬᠠᠭᠠᠭᠰᠠᠨ︽ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ︾ ᠢ ᠭᠥᠴᠥᠨ ᠦᠭᠡᠢ ᠪᠤᠯᠭᠠᠬᠤ ᠲᠤᠬᠠᠶ ᠳᠣᠭᠳᠠᠭᠠᠯ︾᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠤ ᠲᠣᠬᠢᠷᠠᠭᠤᠯᠤᠯᠲᠠ ᠬᠢᠬᠦ ᠲᠤᠬᠠᠶ ᠪᠣᠯᠤᠨ ᠯᠢ ᠶᠦᠩ ᠰᠢᠨ ᠨᠥᠬᠦᠷ᠂ ᠵᠠᠩ ᠶᠢᠨ ᠵᠦᠩ ᠨᠥᠬᠦᠷ ᠤᠨ ᠣᠷᠣᠯᠠᠨ  ᠬᠠᠮᠢᠶᠠᠷᠬᠤ ᠬᠤᠯᠪᠣᠭᠳᠠᠯ ᠪᠦᠬᠦᠢ ᠠᠵᠢᠯ  ᠢ ᠰᠤᠳᠤᠯᠤᠨ ᠂ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠵᠥᠪᠰᠢᠶᠡᠷᠡᠪᠡ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号