ᠦᠨᠳᠦᠰᠦᠲᠡᠨ ᠤ ᠭᠠᠷ ᠤᠷᠠᠯᠠᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠬ᠎ᠠ ᠳᠤᠮᠳᠠᠳᠤ ᠵᠡᠷᠭᠡ ᠶᠢᠨ ᠠᠩᠭᠢ ᠶᠢᠨ ᠰᠤᠷᠤᠯᠴᠠᠯᠭ᠎ᠠ ᠠᠮᠵᠢᠯᠲᠠ ᠳᠦᠭᠦᠷᠡᠩ ᠲᠡᠭᠦᠰᠪᠡ
ᠨᠡᠶᠢᠲᠡᠯᠡᠭᠰᠡᠨ ᠴᠠᠭ᠄
2020/8/21
     8 ᠰᠠᠷ᠎ᠠ ᠶᠢᠨ 19 ᠤ ᠦᠳᠡ ᠶᠢᠨ ᠬᠤᠶᠢᠨ᠎ᠠ᠂ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠮᠣᠩᠭᠤᠯ ᠡᠯᠧᠮᠧᠨ᠋ᠲ ᠤᠨ ᠰᠣᠶᠣᠯ ᠤᠨ ᠠᠵᠤ ᠦᠢᠯᠡᠰ ᠤᠨ ᠺᠣᠮᠫᠠᠨᠢ ᠳᠠᠭᠠᠭᠠᠴᠢᠯᠠᠨ ᠡᠷᠬᠢᠯᠡᠭᠰᠡᠨ ︽2020 ᠣᠨ ᠤ ᠦᠨᠳᠦᠰᠦᠲᠡᠨ ᠤ ᠭᠠᠷ ᠤᠷᠠᠯᠠᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ︾ ᠶᠢᠨ ᠳᠣᠯᠣᠭᠠᠨ ᠡᠳᠦᠷ ᠤᠨ ᠬᠤᠭᠤᠴᠠᠭ᠎ᠠ ᠲᠠᠢ ᠦᠨᠳᠦᠰᠦᠲᠡᠨ ᠤ ᠬᠤᠪᠴᠠᠰᠤ ᠵᠠᠰᠠᠯ ᠪᠠ ᠤᠷᠠᠨ ᠬᠠᠳᠬᠤᠮᠠᠯ ᠤᠨ ᠠᠩᠬ᠎ᠠ ᠳᠤᠮᠳᠠᠳᠤ ᠵᠡᠷᠭᠡ ᠶᠢᠨ ᠪᠣᠯᠪᠠᠰᠤᠷᠠᠯ ᠲᠡᠭᠦᠰᠬᠦ ᠶᠣᠰᠣᠯᠠᠯ ᠢᠶᠠᠨ ᠮᠠᠨ ᠤ ᠬᠤᠰᠢᠭᠤᠨ ᠤ ᠳᠤᠯᠠᠭᠠᠨ ᠭᠡᠷ ᠨᠡᠶᠢᠭᠡᠮ ᠲᠣᠭᠤᠷᠢᠭ ᠲᠤ ᠶᠠᠪᠤᠭᠳᠠᠭᠤᠯᠪᠠ᠃      ᠲᠤᠬᠠᠶ ᠶᠢᠨ ᠲᠠᠯᠠᠪᠠᠢ ᠳᠤ᠂ ᠪᠣᠯᠪᠠᠰᠤᠷᠠᠯ ᠤᠨ ᠠᠩᠭᠢ ᠶᠢᠨ ᠭᠡᠰᠢᠭᠦᠳ ᠪᠠ ᠬᠢᠴᠢᠶᠡᠯᠯᠡᠭᠡ ᠶᠢᠨ ᠪᠠᠭᠰᠢ ᠨᠠᠷ ᠬᠠᠮᠲᠤ ᠳᠤ ᠪᠠᠨ ᠬᠢᠴᠢᠶᠡᠯ ᠣᠷᠣᠭᠰᠠᠨ ᠡᠳᠡᠭᠡᠷ ᠡᠳᠦᠷ ᠤᠳ ᠲᠤ ᠣᠯᠤᠭᠰᠠᠨ ᠪᠣᠳᠣᠯ ᠲᠦᠷᠥᠭᠳᠡᠯ ᠪᠠ ᠣᠯᠤᠯᠲᠠ ᠪᠠᠨ ᠰᠣᠯᠢᠯᠴᠠᠵᠤ᠂ ᠬᠢᠴᠢᠶᠡᠯᠯᠡᠭᠰᠡᠨ ᠭᠤᠷᠪᠠᠨ ᠪᠠᠭᠰᠢ ᠠᠴᠠ ᠪᠤᠯᠪᠠᠰᠤᠷᠠᠯ ᠳᠤ ᠦᠷ᠎ᠡ ᠪᠦᠲᠦᠮᠵᠢ ᠣᠯᠤᠭᠰᠠᠨ ᠭᠡᠰᠢᠭᠦᠳ ᠲᠤ ᠠᠩᠬ᠎ᠠ ᠳᠤᠮᠳᠠᠳᠤ ᠵᠡᠷᠭᠡ ᠶᠢᠨ ᠰᠤᠷᠤᠯᠭ᠎ᠠ ᠲᠡᠭᠦᠰᠬᠦ ᠦᠨᠡᠮᠯᠡᠯ ᠭᠠᠷᠳᠠᠭᠤᠯᠵᠤ᠂ ᠪᠣᠯᠪᠠᠰᠤᠷᠠᠯ ᠤᠨ ᠠᠩᠭᠢ ᠪᠠᠨ ᠠᠮᠵᠢᠯᠲᠠ ᠳᠦᠭᠦᠷᠡᠩ ᠲᠡᠭᠦᠰᠬᠡᠭᠰᠡᠨ ᠪᠠᠶᠢᠨ᠎ᠠ᠃
 
ᠢᠷᠡᠯᠲᠡ᠄ ᠪᠠᠭᠠᠳᠣᠷᠯᠢᠭ ᠳᠠᠷᠬᠠᠨ ᠮᠤᠤᠮᠢᠩᠭᠠᠨ ᠵᠢᠷᠬᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号