ᠯᠢᠦ ᠬᠠᠢ ᠴᠢᠤᠸᠠᠨ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-08-04
     7 ᠰᠠᠷ᠎ᠠ ᠶᠢᠨ 29 ᠤ ᠡᠳᠦᠷ ᠠᠴᠠ 30 ᠤ ᠡᠳᠦᠷ ᠪᠣᠯᠲᠠᠯ᠎ᠠ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠴᠢᠤᠸᠠᠨ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠲᠡᠷᠡ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠳᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠰᠢᠢᠳᠪᠥᠷᠢᠳᠥ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠪᠣᠯᠪᠠᠰᠤᠨ ᠬᠤᠲᠠ ᠶᠢ ᠴᠣᠭᠴᠠᠯᠠᠨ ᠪᠠᠶᠢᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠳᠡᠢ ᠭᠡᠵᠡᠢ᠃
     ᠬᠤᠲᠠ ᠶᠢᠨ ᠠᠷᠠᠳ ᠤᠨ ᠶᠡᠭᠡ ᠲᠢᠩᠬᠢᠮ ᠳᠤ ᠯᠢᠦ ᠬᠠᠶ ᠴᠢᠤᠸᠠᠨ ︽ᠪᠠᠭᠤᠯᠭᠠᠵᠤ ᠬᠠᠮᠢᠶᠠᠷᠤᠨ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠶᠢᠳᠠᠯ ᠢ ᠨᠠᠷᠢᠨ ᠣᠶᠢᠯᠠᠭᠠᠵᠤ᠂ ᠤᠯᠤᠰ ᠤᠨ ᠵᠠᠮ ᠤᠨ 335 ᠵᠢᠴᠢ ᠡᠮᠥᠨ᠎ᠡ ᠭᠠᠷᠬᠤ ᠡᠭᠦᠳᠡᠨ  ᠤ ᠵᠠᠰᠠᠮᠠᠯ ᠵᠠᠮ᠂ ᠡᠮᠴᠢᠯᠡᠭᠡ ᠨᠠᠰᠤᠵᠢᠯ ᠢ ᠤᠶᠠᠯᠳᠣᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠲᠥᠪ᠂ ᠠᠶᠢᠪᠠᠭ᠎ᠠ ᠭᠤᠤᠯ ᠤᠨ ᠤᠰᠤᠨ ᠰᠢᠰᠲ᠋ᠧᠮ ᠢ ᠬᠤᠯᠪᠣᠭᠰᠠᠨ ᠢᠨᠵᠧᠨᠧᠷᠢᠩ ᠫᠥ᠋ ᠳ᠋ᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠬᠥᠷᠴᠥ᠂ ᠲᠥᠷᠥᠯ ᠵᠦᠢᠯ ᠤᠨ ᠲᠥᠯᠥᠪᠵᠢᠭᠦᠯᠪᠡ᠂ ᠪᠦᠲᠦᠭᠡᠨ ᠪᠠᠶᠢᠭᠤᠯᠤᠯᠲᠠ ᠶᠢᠨ ᠠᠬᠢᠴᠠ ᠵᠡᠷᠭᠡ ᠲᠠᠯ᠎ᠠ ᠶᠢᠨ ᠪᠠᠶᠢᠳᠠᠯ ᠢ ᠭᠤᠤᠯᠳᠠᠯᠭ᠎ᠠ ᠲᠠᠢ ᠣᠶᠢᠯᠠᠭᠠᠬᠤ ᠶᠢᠨ ᠬᠠᠮᠲᠤ ᠲᠥᠷᠥᠯ ᠵᠦᠢᠯ ᠢ ᠲᠦᠯᠬᠢᠨ ᠠᠬᠢᠭᠤᠯᠬᠤ ᠳᠤᠮᠳᠠ ᠲᠤᠯᠭᠠᠷᠠᠭᠰᠠᠨ ᠬᠥᠴᠢᠷᠳᠡᠯ ᠪᠣᠯᠤᠨ ᠠᠰᠠᠭᠤᠳᠠᠯ ᠢ ᠲᠤᠬᠠᠶ ᠶᠢᠨ ᠭᠠᠵᠠᠷ ᠲᠤᠨᠢ ᠵᠣᠬᠢᠴᠠᠭᠤᠯᠤᠨ ᠰᠢᠢᠳᠪᠥᠷᠢᠯᠡᠪᠡ᠃ ᠲᠡᠷᠡ ᠵᠢᠭᠠᠵᠤ ᠭᠠᠷᠭᠠᠭᠰᠠᠨ ᠨᠢ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠪᠥᠬᠦ ᠬᠤᠰᠢᠭᠤᠨ ᠤ ᠠᠵᠤ ᠠᠬᠤᠶ ᠨᠡᠶᠢᠭᠡᠮ  ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠭᠦᠷ ᠪᠠ ᠬᠦᠴᠦᠲᠡᠶ ᠵᠤᠭᠰᠣᠴᠠ ᠮᠥᠨ᠂ ᠡᠯ᠎ᠡ ᠱᠠᠳᠣ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠳᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠴᠠᠭ ᠤᠨ ᠬᠦᠰᠦᠨᠦᠭᠲᠦ︾ ︽ᠵᠠᠮ ᠤᠨ ᠵᠢᠷᠤᠭ︾ ᠢ ᠴᠢᠩᠭ᠎ᠠ ᠠᠩᠬᠠᠷᠴᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠤᠨ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠤᠷᠢᠳᠠᠪᠠᠷ ᠦᠢᠯᠡᠴᠢᠯᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠶ᠋ᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠴᠠᠭ ᠲᠤᠬᠠᠶ ᠳᠤᠨᠢ ᠬᠠᠪᠰᠤᠷᠤᠨ ᠰᠢᠶ᠋ᠳᠪᠦᠷᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠴᠢᠩᠭᠠᠳᠬᠠᠵᠤ᠂ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠳᠡᠢ᠃ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ ᠡᠷᠡᠰ ᠳᠣᠭᠤᠰᠢᠯᠠᠭᠤᠯᠵᠤ᠂ ᠦᠢᠯᠡᠳᠪᠥᠷᠢᠯᠡᠯ᠂ ᠠᠮᠢᠳᠤᠷᠠᠯ᠂ ᠠᠮᠢ ᠠᠬᠤᠢ ᠶᠢᠨ ᠣᠷᠣᠨ ᠵᠠᠶ ᠶᠢᠨ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠰᠠᠭᠤᠷᠢ ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡᠨ᠂ ᠠᠮᠢ ᠠᠬᠤᠢ ᠶᠢᠨ ᠣᠷᠴᠢᠨ ᠲᠣᠭᠤᠷᠢᠨ ᠤ ᠳᠥᠷᠥᠭᠳᠡᠯ ᠢ ᠨᠥᠬᠦᠪᠥᠷᠢᠯᠡᠵᠦ᠂ ᠪᠠᠷᠢᠯᠭ᠎ᠠ ᠶᠢᠨ ᠶᠠᠰᠤ ᠴᠢᠨᠠᠷ᠂ ᠪᠠᠷᠢᠯᠭ᠎ᠠ ᠶᠢᠨ ᠠᠮᠤᠷ ᠲᠦᠪᠰᠢᠨ᠂ ᠣᠷᠴᠢᠨ ᠳᠤᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ ᠬᠦᠷᠬᠦ ᠶᠢ ᠪᠠᠲᠤᠯᠠᠭᠰᠠᠨ ᠤᠷᠢᠲᠠᠯ ᠳᠣᠤᠷ᠎ᠠ᠂ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠥᠷᠥᠯ ᠵᠦᠢᠯ ᠢ ᠡᠷᠲᠡᠬᠡᠨ ᠪᠠᠶᠢᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠦᠨᠡᠨᠬᠦ ᠪᠠᠲᠤᠯᠠᠬᠤ ᠬᠡᠷᠡᠭᠲᠡᠶ᠃
     7 ᠰᠠᠷ᠎ᠠ ᠶᠢᠨ 30 ᠤ ᠡᠳᠦᠷ᠂ ᠯᠢᠦ ᠬᠠᠶ ᠴᠢᠤᠸᠠᠨ ᠪᠠᠲᠤᠬᠠᠭᠠᠯᠭ᠎ᠠ ᠪᠠᠯᠭᠠᠰᠤᠨ ᠤ ᠴᠢᠯᠥᠭᠡᠯᠡᠯᠲᠡ ᠵᠡᠭᠡᠯᠢ ᠶᠢᠨ ᠨᠡᠶᠢᠭᠡᠮ ᠲᠣᠭᠤᠷᠢᠭ᠂ ᠲᠠᠷᠢᠶᠠᠯᠠᠩ ᠠᠷᠠᠯᠵᠢᠶᠠᠨ ᠤ ᠵᠠᠬ᠎ᠠ ᠪᠣᠯᠤᠨ ᠬᠡᠰᠡᠭ ᠰᠠᠭᠤᠭᠠᠯᠢ ᠠᠷᠠᠳ ᠤᠨ ᠲᠣᠭᠤᠷᠢᠭ ᠢᠶᠠᠷ ᠭᠦᠨᠵᠡᠭᠡᠶᠢᠷᠡᠵᠦ᠂ ᠤᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠣᠯᠠᠨ ᠨᠡᠶᠢᠲᠡ ᠶᠢᠨ ᠲᠥᠬᠦᠭᠡᠷᠦᠮᠵᠢ ᠵᠡᠷᠭᠡ ᠪᠠᠶᠢᠳᠠᠯ ᠢ ᠪᠠᠶᠢᠴᠠᠭᠠᠨ ᠦᠵᠡᠪᠡ᠃ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠤᠬᠠᠶ ᠶᠢᠨ ᠭᠠᠵᠠᠷ ᠲᠤᠨᠢ ᠰᠤᠳᠤᠯᠤᠨ ᠰᠢᠢᠳᠪᠥᠷᠢᠯᠡᠨ᠎ᠡ᠃ ᠲᠡᠷᠡ ᠵᠢᠭᠠᠵᠤ ᠭᠠᠷᠭᠠᠭᠰᠠᠨ ᠨᠢ᠂ ᠪᠦᠬᠦ ᠤᠯᠤᠰ ᠠᠴᠠ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠡᠭᠦᠷᠭᠡ ᠬᠠᠲᠠᠭᠤᠵᠢᠯᠳᠡᠢ ᠪᠠᠶᠢᠵᠤ᠂ ᠣᠯᠠᠨ ᠲᠦᠮᠡᠨ ᠤ ᠬᠦᠰᠡᠯ ᠡᠷᠡᠮᠡᠯᠵᠡᠯ ᠮᠠᠰᠢ ᠲᠤᠯᠭᠠᠮ᠎ᠠ ᠪᠠᠶᠢᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠥ ᠬᠡᠮᠵᠢᠶ᠎ᠡ ᠪᠠᠷ ᠴᠢᠬᠤᠯᠠᠴᠢᠯᠠᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠵᠠᠮ ᠢ ᠳᠡᠭᠰᠢᠯᠡᠬᠦ᠂ ᠨᠣᠭᠤᠭᠠᠷᠠᠭᠤᠯᠵᠤ ᠭᠤᠶᠣᠯᠠᠬᠤ᠂ ᠲᠡᠨᠦᠭᠦᠯ ᠨᠣᠬᠠᠶ ᠶᠢ ᠴᠡᠪᠡᠷᠯᠡᠨ ᠴᠡᠭᠴᠡᠯᠡᠬᠦ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠤᠵᠠᠷ ᠮᠠᠭᠤᠬᠠᠢ ᠣᠷᠣᠨ ᠦᠯᠡᠳᠡᠭᠡᠬᠦ ᠦᠭᠡᠢ᠂ ᠮᠤᠬᠤᠷ ᠪᠤᠯᠤᠩ ᠦᠯᠡᠳᠡᠭᠡᠬᠦ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠪᠤᠯᠪᠠᠰᠣᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠪᠥᠭᠡᠳ ᠪᠣᠳᠠᠲᠠᠢ ᠬᠢᠬᠦ ᠬᠡᠷᠡᠭᠲᠡᠢ᠃ ᠥᠷᠭᠡᠨ ᠢᠶᠠᠷ ᠳᠠᠶᠢᠴᠢᠯᠠᠨ ᠤᠬᠠᠭᠤᠯᠵᠤ᠂ ᠣᠯᠠᠨ ᠲᠦᠮᠡᠨᠴᠢ ᠴᠢᠨᠠᠷᠲᠠᠶ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠪᠰᠢᠭᠰᠡᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠪᠥᠭᠦ ᠠᠷᠠᠳ ᠢᠶᠠᠷ ᠢᠶᠠᠨ ᠣᠷᠣᠯᠴᠠᠬᠤ᠂ ᠪᠦᠬᠦ ᠬᠤᠲᠠ ᠪᠠᠷ ᠢᠶᠠᠨ ᠬᠠᠮᠲᠤᠪᠠᠷ ᠡᠭᠦᠳᠬᠦ ᠰᠠᠶᠢᠨ ᠰᠠᠶᠢᠬᠠᠨ ᠪᠠᠶᠢᠳᠠᠯ ᠢ ᠪᠣᠶ ᠪᠤᠯᠭᠠᠵᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠲᠠᠯ᠎ᠠ ᠪᠠᠷ ᠪᠣᠳᠠᠲᠠᠶ ᠦᠷ᠎ᠡ ᠪᠦᠲᠦᠮᠵᠢ ᠤᠯᠬᠤ ᠶᠢ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠳᠠᠰᠣᠷᠠᠯᠳᠠ ᠦᠭᠡᠢ ᠳᠡᠭᠡᠭᠰᠢᠯᠡᠭᠦᠯᠦᠨ᠎ᠡ᠃
     ᠬᠤᠰᠢᠭᠤᠨ ᠤ ᠤᠳᠤᠷᠢᠳᠤᠯᠭ᠎ᠠ ᠱᠢ ᠵᠥᠩ ᠴᠢᠨ᠂ ᠵᠠᠩ ᠪᠠᠭᠠᠨ᠎ᠠ᠂ ᠬᠥᠩ ᠰᠢ ᠯᠢᠶᠠᠩ᠂ ᠭᠡᠷᠡᠯ ᠲᠣᠰ ᠲᠣᠰ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号