ᠥᠪᠡᠷᠳᠡᠭᠡᠨ ᠵᠠᠰᠠᠬᠤ ᠤᠷᠤᠨ ᠤ ᠮᠤᠩᠭᠤᠯ ᠦᠭᠡ ᠬᠡᠯᠡ ᠦᠰᠦᠭ ᠪᠢᠴᠢᠭ ᠢ ᠪᠠᠷᠢᠮᠵᠢᠶᠠᠵᠢᠭᠤᠯᠤᠨ ᠳᠥᠷᠢᠮᠵᠢᠭᠦᠯᠬᠦ ᠳᠣᠰᠬᠠᠢ ᠮᠡᠷᠭᠡᠵᠢᠯᠳᠡᠳ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠳᠤ ᠠᠵᠢᠯ ᠪᠠᠶᠢᠴᠠᠭᠠᠪᠠ
ᠨᠡᠶᠢᠲᠡᠯᠡᠭᠰᠡᠨ ᠴᠠᠭ᠄
2020-08-07
     8 ᠰᠠᠷ᠎ᠠ ᠶᠢᠨ5 ᠤ ᠡᠳᠥᠷ ᠤᠨ ᠦᠳᠡ ᠶᠢᠨ ᠡᠮᠥᠨ᠎ᠡ᠂ ᠥᠪᠡᠷᠳᠡᠭᠡᠨ ᠵᠠᠰᠠᠬᠤ ᠤᠷᠤᠨ ᠤ ᠥᠨᠳᠥᠰᠥᠳᠡᠨ ᠤ ᠬᠡᠷᠡᠭ ᠡᠷᠬᠢᠯᠡᠬᠦ ᠵᠥᠪᠯᠡᠯ ᠤᠨ ᠮᠤᠩᠭᠤᠯ ᠦᠭᠡ ᠬᠡᠯᠡ ᠦᠰᠦᠭ ᠪᠢᠴᠢᠭ ᠢ ᠪᠠᠷᠢᠮᠵᠢᠶᠠᠵᠢᠭᠤᠯᠤᠨ ᠳᠥᠷᠢᠮᠵᠢᠭᠦᠯᠥᠨ ᠬᠡᠷᠡᠭᠯᠡᠬᠦ ᠠᠵᠢᠯ ᠶᠢ ᠪᠠᠶᠢᠴᠠᠭᠠᠬᠤ ᠳᠣᠰᠬᠠᠢ ᠮᠡᠷᠭᠡᠵᠢᠯᠳᠡᠳ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠬᠠᠮ ᠵᠠᠭᠤᠴᠢᠯᠠᠭᠤᠷ ᠤᠨ ᠳᠥᠪ ᠲᠤ ᠢᠷᠡᠵᠥ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠤᠶᠢᠷ᠎ᠠ ᠶᠢᠨ ᠬᠤᠶᠠᠷ ᠵᠢᠯ ᠤᠨ ᠷᠠᠳᠢᠤ᠋ ᠲᠧᠯᠸᠢᠰ ᠰᠢᠨ᠎ᠡ ᠵᠠᠭᠤᠴᠢᠯᠠᠭᠤᠷ ᠤᠨ ᠰᠣᠨᠢᠨ ᠮᠡᠳᠡᠭᠡ ᠪᠤᠯᠤᠨ ᠰᠤᠨᠢᠨ ᠮᠡᠳᠡᠭᠡᠨ ᠤ ᠡᠬᠡ ᠪᠢᠴᠢᠭ ᠢ ᠬᠤᠶᠠᠷ ᠳᠤᠭᠤᠶᠢᠯᠠᠩ ᠬᠤᠪᠢᠶᠠᠨ ᠰᠤᠭᠤᠴᠢᠨ ᠪᠠᠶᠢᠴᠠᠭᠠᠵᠤ᠂ ᠮᠤᠩᠭᠤᠯ ᠦᠭᠡ ᠬᠡᠯᠡ ᠦᠰᠥᠭ ᠪᠢᠴᠢᠭ  ᠤᠨ ᠬᠡᠷᠡᠭᠯᠡᠭᠡᠨ ᠤ ᠪᠠᠷᠢᠮᠵᠢᠶᠠᠵᠢᠯ ᠪᠠ ᠳᠥᠷᠢᠮᠵᠢᠯ ᠳᠤ ᠪᠠᠶᠢᠴᠠᠭᠠᠨ ᠰᠤᠳᠤᠯᠤᠯᠳᠠ ᠬᠢᠪᠡ᠃      ᠪᠠᠶᠢᠴᠠᠭᠠᠨ ᠰᠤᠳᠤᠯᠤᠯᠳᠠ ᠶᠢᠨ ᠳᠠᠷᠠᠭ᠎ᠠ᠂ ᠰᠠᠭᠤᠳᠠᠯ ᠤᠨ ᠬᠤᠷᠠᠯ ᠡᠷᠬᠢᠯᠡᠵᠤ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠮᠤᠩᠭᠤᠯ ᠬᠡᠯᠡᠨ ᠤ ᠷᠠᠳᠢᠤ᠋ ᠲᠧᠯᠸᠢᠰ ᠤᠨ ᠰᠤᠨᠢᠨ ᠮᠡᠳᠡᠭᠡ᠂ ᠳᠣᠰᠬᠠᠢ ᠲᠧᠯᠸᠢᠰ ᠫᠷᠦᠭᠷᠡᠮ᠂ ᠮᠤᠩᠭᠤᠯ ᠬᠡᠯᠡᠨ ᠤ ᠪᠠᠭᠠᠳᠣᠷᠯᠢᠭ ᠳᠠᠷᠬᠠᠨ ᠮᠤᠤᠮᠢᠩᠭᠠᠨ ᠸᠢᠴᠡᠲ ᠳᠠᠪᠴᠠᠩ᠂ ᠮᠤᠩᠭᠤᠯ ᠬᠡᠯᠡᠨ ᠤ ᠪᠥᠷᠬᠡ᠂ ᠪᠤᠰᠢᠭᠤᠴᠢ ᠵᠡᠷᠭᠡ ᠶᠢᠨ ᠨᠡᠪᠳᠡᠷᠡᠭᠦᠯᠭᠡ ᠶᠢᠨ ᠠᠪᠢᠶᠠᠨ ᠤ ᠪᠠᠷᠢᠮᠵᠢᠶᠠᠵᠢᠯ ᠪᠠ ᠦᠰᠦᠭ ᠪᠢᠴᠢᠭ ᠤᠨ ᠳᠥᠷᠢᠮᠵᠢᠯ ᠤᠨ ᠠᠯᠳᠠᠭ᠎ᠠ ᠳᠤᠳᠠᠭᠳᠠᠯ ᠳᠤ ᠵᠢᠭᠠᠨ ᠵᠢᠯᠤᠭᠤᠳᠤᠯᠭ᠎ᠠ ᠬᠢᠭᠦ ᠶᠢᠨ ᠬᠠᠮᠳᠥ᠂ ᠮᠤᠩᠭᠤᠯ ᠬᠡᠯᠡᠨ ᠤ ᠤᠯᠠᠮᠵᠢᠯᠠᠯᠳᠥ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠢ ᠠᠭᠤᠰᠤᠯᠴᠠᠭᠤᠯᠬᠤ ᠬᠥᠭᠵᠢᠯᠳᠡ ᠶᠢᠨ ᠰᠢᠨ᠎ᠡ ᠵᠠᠮ ᠢ ᠰᠥᠪᠡᠭᠴᠢᠯᠡᠵᠥ᠂ ᠮᠠᠯᠴᠢᠨ ᠳᠥᠮᠡᠨ ᠳᠤ ᠪᠠᠨ ᠨᠠᠮ ᠤᠨ ᠳᠥᠷᠥ ᠶᠢᠨ ᠪᠤᠳᠥᠯᠭ᠎ᠠ ᠶᠢ ᠣᠬᠠᠭᠤᠯᠣᠨ ᠰᠤᠷᠤᠯᠴᠠᠬᠤ ᠨᠡᠩ ᠦᠷᠭᠡᠨ ᠳᠠᠪᠴᠠᠩ ᠬᠠᠩᠭᠠᠭᠰᠠᠨ ᠳᠤ ᠥᠨᠳᠥᠷ ᠦᠨᠡᠯᠡᠯᠳᠡ ᠥᠭᠭᠦᠭᠰᠡᠨ ᠪᠠᠶᠢᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号