ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-08-07
     8 ᠰᠠᠷ᠎ᠠ ᠶᠢᠨ 3 ᠤ ᠡᠳᠦᠷ ᠠᠴᠠ 4 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠳᠤ ᠢᠷᠡᠵᠦ᠂ ᠮᠠᠨᠳᠤᠯ ᠪᠣᠭᠤᠮᠲᠠ ᠶᠢᠨ ᠪᠥᠲᠥᠭᠡᠨ ᠪᠠᠶᠢᠭᠤᠯᠤᠯᠳᠠ ᠵᠢᠴᠢ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠡᠷᠡ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠭᠤᠭᠴᠤᠭ᠎ᠠ ᠶᠢ ᠠᠳᠬᠤᠵᠤ᠂ ᠦᠵᠡᠯ ᠰᠠᠨᠠᠭ᠎ᠠ ᠪᠠᠨ ᠴᠢᠯᠥᠭᠡᠯᠡᠨ᠂ ᠰᠢᠨ᠎ᠡ ᠶᠢ ᠡᠭᠦᠳᠦᠨ ᠬᠥᠭᠵᠢᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠳᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠬᠤ ᠬᠡᠷᠡᠭᠳᠡᠢ᠃
     ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠬᠡᠷ ᠤᠨ ᠡᠷᠬᠢᠯᠡᠭᠴᠢ ᠰᠡᠴᠡᠨ᠂ ᠪᠤᠭᠤᠲᠤ ᠬᠤᠲᠠ ᠶᠢᠨ ᠳᠡᠳ᠋ ᠬᠤᠳᠠ ᠶᠢᠨ ᠳᠠᠷᠤᠭ᠎ᠠ ᠯᠢᠦ ᠹᠧᠩ᠂ ᠬᠤᠰᠢᠭᠤᠨ ᠤ ᠤᠳᠤᠷᠢᠳᠤᠯᠭ᠎ᠠ ᠰᠢᠤᠸᠠᠢ ᠰᠥᠩ᠂ ᠱᠢ ᠵᠥᠩ ᠴᠢᠨ ᠵᠡᠷᠭᠡ ᠬᠥᠮᠦᠰ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
     ᠮᠠᠨᠳᠤᠯ ᠪᠣᠭᠤᠮᠲᠠ ᠳᠤ ᠬᠤᠸᠠᠩ ᡁᠢ ᠴᠢᠶᠠᠩ ᠨᠠᠷ ᠬᠠᠷᠢᠭᠤ ᠮᠡᠳᠡᠭᠦᠯᠦᠯᠲᠡ ᠶᠢ ᠰᠣᠨᠣᠰᠤᠨ᠂ ᠪᠠᠶᠢᠳᠠᠯ ᠢ ᠠᠰᠠᠭᠤᠵᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠳ᠋ ᠪᠠᠷᠠᠭ᠎ᠠ ᠶᠢ ᠪᠣᠭᠤᠮᠲᠠ ᠪᠠᠷ ᠥᠩᠭᠡᠷᠡᠭᠦᠯᠬᠦ ᠳᠤ ᠪᠠᠶᠢᠴᠠᠭᠠᠨ ᠰᠢᠯᠭᠠᠬᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠮᠠᠨᠳᠤᠯ ᠪᠣᠭᠤᠮᠲᠠ ᠶᠢᠨ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠭᠤᠤᠯᠳᠠᠯᠭ᠎ᠠ ᠶᠢ ᠠᠳᠬᠤᠵᠤ᠂ ᠬᠦᠴᠢᠷ ᠠᠰᠠᠭᠤᠳᠠᠯ ᠢ ᠰᠢᠪᠲᠤᠯᠵᠤ᠂ ᠬᠢᠯᠠᠰ ᠴᠡᠭ ᠢ ᠴᠣᠭᠴᠠᠯᠠᠵᠤ᠂ ᠪᠣᠭᠤᠮᠲᠠ ᠶᠢᠨ ᠪᠥᠳᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ᠪᠣᠭᠤᠮᠲᠠ ᠶᠢᠨ ᠶᠡᠷᠦᠩᠬᠡᠶᠢᠯᠡᠭᠰᠡᠨ ᠴᠢᠳᠠᠪᠬᠢ ᠶᠢ ᠳᠡᠭᠦᠯᠳᠡᠷᠵᠢᠭᠦᠯᠵᠥ᠂ ᠪᠣᠭᠤᠮᠲᠠ ᠪᠠᠷ ᠥᠩᠭᠡᠷᠡᠬᠦ ᠴᠢᠳᠠᠪᠤᠷᠢ ᠶᠢ ᠳᠡᠭᠡᠭᠰᠢᠯᠡᠭᠦᠯᠵᠦ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ  ᠨᠡᠭᠡᠭᠡᠯᠳᠡᠳᠥ ᠬᠡᠯᠪᠡᠷᠢ ᠶᠢᠨ ᠠᠵᠤ ᠠᠬᠤᠢ ᠶᠢᠨ ᠬᠥᠭᠵᠢᠯᠲᠡ ᠳᠤ ᠨᠠᠩ ᠰᠠᠶᠢᠨ ᠦᠢᠯᠡᠴᠢᠯᠡᠬᠦ ᠬᠡᠷᠡᠭᠳᠡᠢ᠃ ᠬᠠᠮ ᠵᠠᠭᠤᠴᠢᠯᠠᠭᠤᠷ ᠤᠨ ᠠᠳᠠᠯ ᠦᠢᠯᠡᠰ ᠪᠤᠰᠬᠠᠬᠤ ᠳᠥᠪ ᠲᠤ᠂ ᠬᠤᠸᠠᠩ ᡁᠢ ᠴᠢᠶᠠᠩ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠲᠡᠳᠡᠨ ᠤ ᠰᠢᠨ᠎ᠡ ᠶᠢ ᠡᠭᠦᠳᠴᠦ ᠦᠢᠯᠡᠰ ᠪᠣᠰᠬᠠᠭᠰᠠᠨ ᠪᠠᠶᠢᠳᠠᠯ ᠢ ᠣᠶᠢᠯᠭᠠᠵᠤ᠂ ᠦᠢᠯᠡᠰ ᠪᠤᠰᠬᠠᠬᠤ ᠬᠠᠯᠠᠭᠤᠨ ᠠᠵᠢᠯᠯᠠᠭ᠎ᠠ ᠳᠤ ᠢᠳᠡᠪᠬᠢᠲᠡᠶ ᠨᠤᠳᠠᠯᠠᠯᠳᠡ ᠥᠭᠴᠥ᠂ ᠬᠦᠷᠢᠶᠡᠯᠡᠩ ᠲᠣᠭᠤᠷᠢᠭ ᠤᠨ ᠳᠠᠶᠢᠴᠢᠯᠠᠬᠤ ᠦᠢᠯᠡᠳᠥᠯ ᠢ ᠭᠥᠢᠴᠡᠳ ᠪᠠᠳᠠᠷᠠᠭᠤᠯᠵᠤ᠂ ᠰᠢᠨ᠎ᠡ ᠶᠢ ᠡᠭᠦᠳᠥᠨ ᠦᠢᠯᠡᠰ ᠪᠣᠰᠬᠠᠬᠤ ᠳᠤ ᠰᠠᠭᠤᠷᠢᠯᠠᠵᠤ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠥᠨᠳᠥᠷ ᠲᠡᠰ ᠤᠨ ᠴᠢᠳᠠᠪᠤᠷᠢᠲᠠᠨ ᠤ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃ ᠬᠠᠮ ᠵᠠᠭᠤᠴᠢᠯᠠᠭᠤᠷ ᠤᠨ ᠲᠥᠪ ᠲᠤ᠂ ᠬᠤᠸᠠᠩ ᡁᠢ ᠴᠢᠶᠠᠩ ᠰᠢᠶᠠᠨ ᠤ ᠲᠡᠰ ᠤᠨ ᠬᠠᠮ ᠵᠠᠭᠤᠴᠢᠯᠠᠭᠤᠷ ᠤᠨ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠡᠷᠡ ᠴᠢᠬᠤᠯᠠᠴᠢᠯᠠᠭᠰᠠᠨ ᠨᠢ᠂ ︽ᠣᠯᠠᠨ ᠲᠦᠮᠡᠨ ᠢ ᠬᠥᠲᠥᠯᠥᠨ ᠵᠢᠯᠣᠭᠤᠳᠴᠤ᠂ ᠣᠯᠠᠨ ᠲᠦᠮᠡᠨ ᠳᠤ ᠦᠢᠯᠡᠴᠢᠯᠡᠬᠦ︾ ᠬᠠᠷᠠᠯᠲᠠ ᠶᠢᠨ ᠪᠠᠶᠢᠷᠢᠯᠠᠭᠤᠯᠤᠯᠳᠠ ᠶᠢᠨ ᠲᠣᠭᠤᠷᠢᠨ ᠳᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ︽ᠰᠣᠨᠢᠨ ᠮᠡᠳᠡᠭᠡ + ᠵᠠᠰᠠᠭ ᠤᠨ ᠶᠠᠪᠤᠳᠠᠯ + ᠦᠢᠯᠡᠴᠢᠯᠡᠭᠡ︾ ᠶᠢ ᠬᠦᠴᠦᠯᠡᠨ ᠰᠠᠶᠢᠲᠤᠷ ᠬᠢᠵᠦ᠂ ᠬᠡᠷᠡᠭᠯᠡᠭᠴᠢ ᠶᠢᠨ ᠨᠠᠭᠠᠯᠳᠤᠮᠠᠬᠠᠶ ᠴᠢᠨᠠᠷ ᠢ ᠲᠠᠰᠤᠷᠠᠯᠲᠠ ᠥᠬᠡᠶ ᠴᠢᠩᠭᠠᠷᠠᠭᠤᠯᠵᠤ᠂ ᠬᠠᠮ ᠵᠠᠭᠤᠴᠢᠯᠠᠭᠤᠷ ᠤᠨ ᠳᠥᠪ ᠤᠨ ᠨᠥᠯᠥᠭᠡᠯᠡᠬᠦ ᠬᠦᠴᠦᠨ ᠪᠠ ᠬᠠᠮᠤᠷᠬᠤ ᠬᠡᠪᠴᠢᠶ᠎ᠡ ᠶᠢ ᠥᠷᠭᠡᠳᠭᠡᠬᠦ ᠬᠡᠷᠡᠭᠳᠡᠢ᠃
      ᠬᠤᠸᠠᠩ ᡁᠢ ᠴᠢᠶᠠᠩ ᠨᠠᠷ ᠪᠠᠰᠠ ᠰᠢᠯᠦᠭ ᠵᠢᠷᠤᠭ ᠤᠨ ᠲᠠᠯ᠎ᠠ ᠨᠤᠲᠤᠭ ᠤᠨ ᠦᠵᠡᠮᠵᠢ ᠶᠢᠨ ᠣᠷᠣᠨ᠂ ᠪᠠᠶ ᠯᠢᠩ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠪᠠᠷᠠᠭᠤᠨ ᠠᠵᠤ ᠦᠢᠯᠡᠳᠪᠥᠷᠢ ᠶᠢᠨ ᠬᠦᠷᠢᠶᠡᠯᠡᠩ ᠲᠣᠭᠤᠷᠢᠭ ᠵᠡᠷᠭᠡ ᠭᠠᠵᠠᠷ ᠲᠤ  ᠭᠥᠨᠵᠡᠭᠡᠶᠢᠷᠡᠵᠥ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠳᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠣᠶᠢᠯᠠᠭᠠᠪᠠ᠃ ᠲᠡᠷᠡ ᠵᠢᠭᠠᠬᠤ ᠳᠠᠭᠠᠨ᠂ ᠭᠤᠤᠯᠳᠠᠯᠭ᠎ᠠ ᠲᠠᠢ ᠲᠥᠷᠥᠯ  ᠵᠦᠢᠯ ᠨᠢ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠳᠡ ᠶᠢᠨ ᠶᠡᠭᠡ ᠲᠠᠯ᠎ᠠ ᠪᠣᠯᠤᠨ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠃ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤ ᠳᠡᠭᠡᠳᠥ ᠬᠡᠮᠵᠢᠶ᠎ᠡ ᠪᠠᠷ ᠴᠢᠬᠤᠯᠠᠴᠢᠯᠠᠵᠤ᠂ ᠬᠠᠷᠠᠯᠲᠠᠲᠤ ᠬᠠᠷᠢᠭᠤᠴᠠᠯᠭ᠎ᠠ ᠪᠠᠨ ᠪᠠᠲᠤᠳᠬᠠᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠤᠨ᠎ᠠ᠃ ᠲᠤᠬᠠᠶ ᠶᠢᠨ ᠭᠠᠵᠠᠷ ᠤᠨ ᠣᠨᠴᠠᠯᠢᠭᠲᠤ ᠰᠣᠶᠣᠯ ᠢ ᠭᠥᠢᠴᠡᠳ ᠠᠭᠤᠳᠠᠯᠵᠤ᠂ ᠰᠣᠳᠣᠨ ᠵᠢᠭᠤᠯᠴᠢᠯᠠᠯ᠂ ᠣᠨᠴᠠᠯᠢᠭᠲᠤ ᠵᠢᠭᠤᠯᠴᠢᠯᠠᠯ ᠢ ᠴᠣᠭᠴᠠᠯᠠᠬᠤ ᠬᠡᠷᠡᠭᠲᠡᠶ᠃ ᠵᠢᠭᠤᠯᠴᠢᠯᠠᠯ ᠤᠨ ᠨᠡᠷᠡᠲᠦ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠢᠭᠤᠯᠴᠢᠯᠠᠯ ᠤᠨ ᠦᠢᠯᠡᠳᠭᠦᠨ ᠤ ᠰᠢᠨ᠎ᠡ ᠶᠢ ᠡᠭᠦᠳᠬᠦ ᠶᠢ ᠠᠬᠢᠭᠤᠯᠵᠤ᠂ ᠵᠢᠭᠤᠯᠴᠢᠯᠠᠯ ᠤᠨ ᠬᠠᠩᠭᠠᠯᠭ᠎ᠠ ᠶᠢᠨ ᠴᠢᠨᠠᠷ ᠴᠢᠨᠰᠠᠭ᠎ᠠ ᠶᠢ ᠪᠠᠶᠠᠯᠢᠭᠵᠢᠭᠤᠯᠤᠨ ᠳᠡᠭᠡᠭᠰᠢᠯᠡᠭᠦᠯᠵᠦ᠂ ᠰᠣᠶᠣᠯ ᠪᠣᠯ ᠤᠨ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠳᠥᠷᠭᠡᠳᠬᠡᠵᠥ᠂ ᠠᠯᠤᠰ ᠬᠡᠳᠦ ᠳᠤ ᠰᠠᠭᠤᠷᠢᠯᠠᠵᠤ᠂ ᠠᠵᠠ ᠲᠣᠬᠢᠶᠠᠯ ᠢ ᠵᠠᠪᠳᠤᠨ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠵᠥ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠲᠦᠷᠭᠡᠳᠬᠡᠨ ᠠᠬᠢᠭᠤᠯᠵᠤ᠂ ᠬᠤᠭᠤᠴᠠᠭ᠎ᠠ ᠶᠣᠰᠣᠭᠠᠷ ᠠᠶᠠᠯᠠᠯ ᠨᠡᠪᠲᠡᠷᠡᠬᠦ ᠬᠠᠷᠠᠯᠲᠠ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠵᠤ᠂ ᠬᠦᠷᠢᠶᠡᠯᠡᠩ ᠲᠣᠭᠤᠷᠢᠭ ᠤᠨ ᠲᠥᠯᠥᠪᠵᠢᠭᠦᠯᠪᠡ ᠪᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠭᠦᠯᠳᠡᠷᠵᠢᠭᠦᠯᠵᠥ᠂ ᠦᠢᠯᠡᠴᠢᠯᠡᠭᠡᠨ ᠤ ᠪᠠᠶᠢᠭᠤᠯᠤᠯ ᠢ ᠪᠠᠶᠢᠭᠤᠯᠤᠨ ᠲᠡᠭᠦᠯᠳᠡᠷᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠳᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号