︽ᠮᠠᠨᠳᠤᠯ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠪᠣᠯᠤᠮᠵᠢᠲᠤ ᠴᠢᠨᠠᠷ ᠤᠨ ᠵᠠᠳᠠᠯᠤᠯᠲᠠ︾ ᠶᠢᠨ ᠲᠤᠰᠬᠠᠶ ᠮᠡᠷᠭᠡᠵᠢᠯᠲᠡᠨ ᠤ ᠦᠨᠡᠯᠡᠯᠲᠡ ᠶᠢᠨ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2020-08-07
     8 ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠬᠥᠬᠡᠬᠤᠲᠠ ᠶᠢᠨ ᠥᠪᠥᠷ ᠮᠣᠩᠭᠤᠯ ᠤᠨ ᠬᠥᠭᠵᠢᠯᠲᠡ ᠶᠢᠨ ᠲᠣᠮᠣ ᠠᠰᠠᠷ ᠤᠨ ᠳᠥᠷᠪᠡᠳᠦᠭᠡᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠵᠠᠰᠠᠭ ᠤᠨ ᠣᠷᠳᠣᠨ ︽ᠮᠠᠨᠳᠤᠯ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠪᠣᠯᠤᠮᠵᠢᠲᠤ ᠴᠢᠨᠠᠷ ᠤᠨ ᠵᠠᠳᠠᠯᠤᠯᠲᠠ︾ ᠶᠢᠨ ᠰᠢᠯᠭᠠᠷᠠᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠬᠤᠷᠠᠯ ᠠᠴᠠ ᠳᠤᠮᠳᠠᠳᠤ ᠤᠯᠤᠰ ᠤᠨ ᠪᠠᠷᠠᠭᠠᠨ ᠤ ᠭᠦᠢᠯᠭᠡᠭᠡᠨ ᠬᠢᠭᠡᠳ ᠬᠤᠳᠠᠯᠳᠤᠨ ᠠᠪᠬᠤ ᠬᠤᠯᠪᠣᠭᠠᠲᠤ ᠬᠤᠷᠠᠯ ᠤᠨ ᠲᠤᠰᠬᠠᠶ ᠮᠡᠷᠭᠡᠵᠢᠯᠲᠡᠨ ᠤ ᠵᠥᠪᠯᠡᠯ ᠤᠨ ᠡᠷᠬᠢᠯᠡᠭᠴᠢ ᠳ᠋ᠠᠶ ᠳ᠋ᠢᠩ ᠢ᠂ ᠳᠤᠮᠳᠠᠳᠤ ᠤᠯᠤᠰ ᠤᠨ ᠪᠠᠷᠠᠭᠠᠨ ᠤ ᠭᠦᠢᠯᠭᠡᠭᠡᠨ ᠤ ᠮᠡᠳᠡᠭᠡ ᠵᠠᠩᠭᠢ ᠶᠢᠨ ᠲᠥᠪ ᠤᠨ ᠡᠷᠬᠢᠯᠡᠭᠴᠢ ᠾᠧ ᠬᠤᠶ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠰᠤᠳᠤᠯᠭᠠᠨ ᠤ ᠲᠥᠪ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠮᠧᠩ ᠴᠢᠩ ᠯᠦᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠬᠡᠷ ᠤᠨ ᠳᠡᠳ᠋ ᠡᠷᠬᠢᠯᠡᠭᠴᠢ ᠳ᠋ᠦ᠋ ᠴᠧᠩ ᠹᠦ᠋᠂ ᠮᠣᠩᠭᠤᠯ ᠤᠯᠤᠰ ᠤᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠪᠠᠶᠢᠩᠭᠤ ᠶᠢᠨ ᠳᠡᠳ᠋ ᠳᠠᠷᠤᠭ᠎ᠠ ᠸᠠᠩ ᠱᠦ ᠭᠧᠨ ᠢ ᠤᠷᠢᠵᠤ ᠲᠤᠰᠬᠠᠶ ᠮᠡᠷᠭᠡᠵᠢᠯᠲᠡᠨ ᠤ ᠰᠢᠯᠭᠠᠷᠠᠭᠤᠯᠬᠤ ᠳᠤᠭᠤᠶᠢᠯᠠᠩ ᠪᠥᠷᠢᠯᠳᠥᠭᠦᠯᠵᠥ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠱᠢ ᠵᠥᠩ ᠴᠢᠨ ᠬᠤᠷᠠᠯ ᠢ ᠡᠷᠭᠢᠯᠡᠵᠦ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠤᠷᠠᠯ ᠳᠤ ᠣᠷᠣᠯᠴᠠᠵᠠᠶ᠃
     ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠱᠢ ᠵᠥᠩ ᠴᠢᠨ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠤ ᠤᠳᠤᠷᠢᠳᠤᠯᠭ᠎ᠠ ᠶᠢ  ᠳᠠᠨᠢᠯᠴᠠᠭᠤᠯᠤᠭᠰᠠᠨ ᠪᠥᠭᠡᠳ ᠮᠠᠨᠳᠤᠯ ᠪᠣᠭᠤᠮᠲᠠ ᠶᠢᠨ ᠪᠠᠶᠢᠳᠠᠯ ᠤᠨ ᠲᠤᠬᠠᠶ ᠲᠣᠪᠴᠢ ᠲᠣᠳᠣᠷᠬᠠᠶᠢᠯᠠᠯᠲᠠ ᠬᠢᠵᠥ᠂ ᠪᠡᠭᠡᠵᠢᠩ ᠤᠨ ᠡᠳ᠋ ᠪᠣᠳᠠᠰ ᠤᠨ ᠳᠡᠭᠡᠳᠦ ᠰᠤᠷᠭᠠᠭᠤᠯᠢ ᠶᠢᠨ ᠪᠠᠷᠠᠭᠠᠨ ᠤ ᠭᠦᠢᠯᠭᠡᠭᠡᠨ ᠤ ᠳᠡᠭᠡᠳᠦ ᠰᠣᠷᠭᠠᠭᠤᠯᠢ ᠶᠢᠨ ᠵᠠᠬᠢᠷᠤᠯ ᠵᠢᠶᠠᠩ ᠰᠢᠦᠶ ︽ᠮᠠᠨᠳᠤᠯ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠪᠣᠯᠤᠮᠵᠢᠲᠤ ᠴᠢᠨᠠᠷ ᠤᠨ ᠵᠠᠳᠠᠯᠤᠯᠲᠠ︾ ᠶᠢ ᠨᠠᠶᠢᠷᠠᠭᠤᠯᠤᠨ ᠪᠢᠴᠢᠭᠰᠡᠨ ᠪᠠᠶᠢᠳᠠᠯ᠂ ᠭᠤᠤᠳᠠᠯᠭ᠎ᠠ ᠶᠢ ᠨᠠᠷᠢᠨ ᠲᠠᠶᠢᠯᠪᠤᠷᠢᠯᠠᠵᠠᠶ᠃ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠭᠡᠰᠢᠭᠦᠳ ᠮᠠᠨᠳᠤᠯ ᠪᠣᠭᠤᠮᠲᠠ ᠶᠢᠨ ᠤ ᠦᠲᠦᠭᠡᠨ ᠪᠠᠶᠢᠭᠤᠯᠤᠯᠲᠠ ᠶᠢᠨ ᠠᠴᠢ ᠬᠤᠯᠪᠣᠭᠳᠠᠯ᠂ ᠮᠠᠨᠳᠤᠯ ᠪᠣᠭᠤᠮᠲᠠ ᠶᠢᠨ ᠥᠷᠢᠰᠥᠯᠳᠦᠭᠡᠨ ᠤ ᠳᠠᠪᠠᠭᠤᠯᠢᠭ ᠲᠠᠯ᠎ᠠ᠂ ᠮᠠᠨᠳᠤᠯ ᠪᠣᠭᠤᠮᠲᠠ ᠶᠢᠨ ᠢᠷᠡᠭᠡᠳᠦᠶ ᠶᠢᠨ ᠲᠥᠯᠥᠪᠵᠢᠭᠦᠯᠭᠡ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠨ ᠶᠠᠷᠢᠯᠴᠠᠵᠠᠶ᠃ ᠬᠤᠯᠪᠣᠭᠳᠠᠯ ᠪᠦᠬᠦᠢ ᠵᠠᠰᠠᠪᠤᠷᠢ ᠣᠷᠣᠭᠤᠯᠬᠤ ᠰᠠᠨᠠᠯ ᠪᠠ ᠰᠠᠨᠠᠭᠤᠯᠭ᠎ᠠ ᠳᠤᠷᠠᠳᠤᠪᠠ᠃
     ᠬᠢᠨᠠᠨ ᠲᠣᠭᠲᠠᠭᠠᠬᠤ ᠳᠤᠭᠤᠶᠢᠯᠠᠩ ᠤᠨ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠯᠲᠠ ᠪᠠᠷ ᠳᠠᠮᠵᠢᠨ᠂ ︽ᠮᠠᠨᠳᠤᠯ᠎ᠠ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠪᠣᠯᠤᠮᠵᠢᠲᠤ ᠴᠢᠨᠠᠷ ᠤᠨ ᠵᠠᠳᠠᠯᠤᠯᠲᠠ︾ ᠶᠢ ᠵᠦᠶ ᠵᠣᠬᠢᠰᠲᠠᠶ ᠰᠤᠳᠤᠯᠵᠤ᠂ ᠮᠠᠨᠳᠤᠯ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠣᠯᠤᠮᠵᠢᠲᠠᠶ ᠭᠡᠵᠦ ᠰᠠᠨᠠᠯ ᠨᠢᠭᠡᠲᠡᠶ ᠦᠵᠡᠪᠡ᠃ ᠲᠡᠮᠦᠷ ᠵᠠᠮ᠂ ᠪᠣᠭᠤᠮᠲᠠ ᠵᠡᠷᠭᠡ ᠰᠠᠯᠠᠭ᠎ᠠ ᠮᠥᠴᠢᠷ ᠵᠢᠴᠢ ᠮᠣᠩᠭᠤᠯ ᠤᠯᠤᠰ ᠯᠤᠭ᠎ᠠ ᠶᠢᠨ ᠨᠡᠪᠲᠡᠷᠡᠯᠴᠡᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠤᠰᠬᠠᠶ ᠮᠡᠷᠭᠡᠵᠢᠯᠲᠡᠨ ᠤ ᠰᠠᠨᠠᠯ ᠢ ᠦᠨᠳᠦᠰᠦᠯᠡᠨ ︽ᠮᠠᠨᠳᠤᠯ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠪᠣᠯᠤᠮᠵᠢᠲᠤ ᠴᠢᠨᠠᠷ ᠤᠨ ᠵᠠᠳᠠᠯᠤᠯᠲᠠ︾ ᠳᠤ ᠵᠠᠰᠠᠪᠤᠷᠢ ᠣᠷᠣᠭᠤᠯᠤᠨ ᠳᠡᠭᠦᠯᠳᠡᠷᠵᠢᠭᠦᠯᠵᠥ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠵᠥ᠂ ᠮᠠᠨᠳᠤᠯ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠤᠯᠠᠮ ᠨᠢᠭᠡ ᠠᠯᠬᠤᠮ ᠠᠬᠢᠭᠤᠯᠤᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号