ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠳᠣᠬᠠᠢ ᠶᠡᠷᠥ ᠶᠢᠨ ᠮᠡᠳᠡᠯᠭᠡ
ᠨᠡᠶᠢᠲᠡᠯᠡᠭᠰᠡᠨ ᠴᠠᠭ᠄
2020/8/7
    ᠨᠢᠭᠡ᠂ ᠬᠤᠯᠤᠭᠠᠨ᠎ᠠ ᠶᠢᠨ ᠬᠢᠵᠢᠭ ᠤᠨ ᠬᠠᠯᠳᠠᠪᠤᠷᠢᠯᠠᠬᠤ ᠵᠠᠮ      ᠬᠤᠯᠤᠭᠠᠨ᠎ᠠ ᠶᠢᠨ ᠬᠢᠵᠢᠭ ᠤᠨ ᠬᠠᠯᠳᠠᠪᠤᠷᠢᠯᠠᠬᠤ ᠵᠠᠮ ᠬᠤᠶᠠᠷ ᠵᠦᠢᠯ ᠪᠤᠢ᠄      1. ᠨᠤᠬᠠᠢ ᠶᠢᠨ ᠪᠥᠭᠡᠰᠤᠨ ᠳᠤ ᠬᠠᠵᠠᠭᠳᠠᠭᠰᠠᠨ ᠠᠴᠠ ᠬᠠᠯᠳᠠᠪᠤᠷᠢᠯᠡᠨ᠎ᠡ᠂ ᠤᠯᠠᠩᠬᠢ ᠨᠢ ᠪᠤᠯᠴᠢᠷᠬᠠᠢ ᠶᠢᠨ ᠬᠤᠯᠤᠭᠠᠨ᠎ᠠ ᠶᠢᠨ ᠬᠢᠵᠢᠭ᠃      2. ᠠᠭᠤᠰᠬᠢᠨ ᠤ ᠬᠤᠯᠤᠭᠠᠨ᠎ᠠ ᠶᠢᠨ ᠬᠢᠵᠢᠭ ᠡᠭᠦᠰᠬᠦ ᠦᠶᠡᠰ᠂ ᠠᠭᠠᠷ ᠢᠶᠠᠷ ᠬᠠᠯᠳᠠᠪᠤᠷᠢᠯᠡᠨ᠎ᠡ᠃ ᠪᠠᠰᠠ ᠬᠤᠯᠤᠭᠠᠨ᠎ᠠ ᠬᠢᠵᠢᠭ ᠢᠶᠠᠷ ᠥᠭᠦᠭᠰᠡᠨ ᠠᠮᠢᠳᠠᠨ ᠤ ᠮᠢᠬ᠎ᠠ ᠶᠢ ᠢᠳᠡᠬᠦ ᠶᠠᠪᠤᠴᠠ ᠳᠤ ᠬᠤᠯᠤᠭᠠᠨ᠎ᠠ ᠶᠢᠨ ᠬᠢᠵᠢᠭ ᠤᠨ ᠪᠠᠺᠲ᠋ᠧᠷᠢ ᠰᠢᠭᠤᠳ ᠰᠢᠷᠠᠬᠠᠨ ᠳᠤ ᠬᠠᠯᠳᠠᠪᠤᠷᠢᠯᠡᠨ᠎ᠡ᠃ ᠠᠮᠢᠳᠠᠨ ᠤ ᠠᠷᠠᠰᠤ ᠨᠤᠤᠰᠤᠨ ᠳᠠᠬᠢ ᠪᠠᠺᠲ᠋ᠧᠷᠢ ᠠᠴᠠ ᠪᠤᠯᠵᠤ ᠬᠠᠯᠳᠠᠪᠤᠷᠢᠯᠡᠨ᠎ᠡ᠃ ᠰᠠᠶᠢᠨ ᠴᠢᠨᠠᠵᠤ ᠪᠤᠯᠭᠤᠭᠰᠠᠨ ᠦᠭᠡᠢ ᠬᠢᠵᠢᠭ ᠬᠠᠯᠳᠠᠪᠤᠷᠢᠯᠠᠭᠰᠠᠨ ᠮᠢᠬ᠎ᠠ ᠢᠳᠡᠭᠰᠡᠨ  ᠠᠴᠠ ᠪᠤᠯᠵᠤ ᠰᠢᠩᠭᠡᠭᠡᠯᠳᠡ ᠶᠢᠨ ᠵᠠᠮ ᠢᠶᠠᠷ ᠬᠠᠯᠳᠠᠪᠤᠷᠢᠯᠠᠬᠤ ᠵᠡᠷᠭᠡ ᠪᠤᠯᠤᠨ᠎ᠠ᠃      ᠬᠤᠶᠠᠷ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠳᠤ ᠬᠢᠪᠡᠰᠥ ᠵᠤᠬᠢᠬᠤ ︽ᠭᠤᠷᠪᠠᠨ ᠥᠯᠥ ᠪᠤᠯᠬᠤ︾᠂ ︽ᠭᠤᠷᠪᠠ ᠶᠢ ᠮᠡᠳᠡᠭᠦᠯᠬᠦ︾      1. ︽ᠭᠤᠷᠪᠠᠨ ᠥᠯᠥ ᠪᠤᠯᠬᠤ︾᠂ ︽ᠭᠤᠷᠪᠠ ᠶᠢ ᠮᠡᠳᠡᠭᠦᠯᠬᠦ︾ ᠳᠥᠷᠢᠮ ᠪᠤᠯ ᠬᠥᠮᠥᠨ ᠳᠤ ᠬᠠᠯᠳᠠᠪᠤᠷᠢᠯᠠᠬᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠪᠠ ᠬᠢᠵᠢᠭ ᠤᠨ ᠪᠠᠶᠢᠳᠠᠯ ᠢ ᠡᠷᠳᠡ ᠤᠯᠵᠤ ᠮᠡᠳᠡᠭᠦ ᠪᠥᠳᠥᠮᠵᠢᠳᠡᠢ ᠠᠷᠭ᠎ᠠ ᠠᠪᠳᠠᠯ ᠪᠤᠯᠤᠨ᠎ᠠ᠃      2.︽ᠭᠤᠷᠪᠠᠨ ᠥᠯᠥ ᠪᠤᠯᠬᠤ︾ ᠨᠢ ᠳᠠᠷᠤᠢ ᠬᠢᠵᠢᠭ ᠡᠭᠦᠰᠥᠭᠰᠡᠨ ᠭᠠᠵᠠᠷ ᠤᠷᠤᠨ ᠤ ᠠᠮᠢᠳᠠᠨ ᠢ ᠳᠤᠷ᠎ᠠ  ᠪᠠᠷ ᠢᠶᠠᠷ ᠠᠩᠨᠠᠵᠤ ᠥᠯᠥ ᠪᠤᠯᠬᠤ᠂ ᠬᠢᠵᠢᠭ ᠡᠭᠦᠰᠥᠭᠰᠡᠨ ᠭᠠᠵᠠᠷ ᠤᠷᠤᠨ ᠤ ᠠᠮᠢᠳᠠᠨ ᠢ ᠥᠪᠴᠢᠵᠥ ᠢᠳᠡᠵᠤ ᠥᠯᠥ ᠪᠤᠯᠬᠤ᠂ ᠬᠢᠵᠢᠭ ᠡᠭᠦᠰᠥᠭᠰᠡᠨ ᠭᠠᠵᠠᠷ ᠤᠷᠤᠨ ᠤ ᠠᠮᠢᠳᠠᠨ ᠪᠤᠯᠤᠨ ᠪᠥᠳᠥᠭᠡᠭᠳᠡᠭᠦᠨ ᠢ ᠭᠠᠳᠠᠭᠰᠢ ᠡᠪᠴᠤ ᠭᠠᠷᠴᠤ ᠥᠯᠥ ᠪᠤᠯᠬᠤ ᠵᠡᠷᠭᠡ ᠪᠤᠯᠤᠨ᠎ᠠ᠃      3. ︽ᠭᠤᠷᠪᠠ ᠶᠢ ᠮᠡᠳᠡᠭᠦᠯᠬᠦ︾ ᠨᠢ ᠳᠠᠷᠤᠢ ᠬᠢᠵᠢᠭ ᠢᠶᠠᠷ ᠥᠭᠦᠭᠰᠡᠨ ᠬᠤᠯᠤᠭᠠᠨ᠎ᠠ ︵ᠳᠠᠷᠪᠠᠭ᠎ᠠ︶ ᠶᠢ ᠮᠡᠳᠡᠭᠦᠯᠬᠦ᠂ ᠬᠤᠯᠤᠭᠠᠨ᠎ᠠ ᠶᠢᠨ ᠬᠢᠵᠢᠭ ᠤᠨ ᠰᠡᠵᠢᠭ ᠲᠠᠢ ᠡᠪᠡᠳᠴᠢᠳᠡᠨ ᠢ ᠮᠡᠳᠡᠭᠦᠯᠬᠦ᠂ ᠰᠢᠯᠳᠠᠭᠠᠨ ᠨᠢ ᠳᠣᠳᠣᠷᠬᠠᠢ ᠦᠭᠡᠢ ᠶᠡᠭᠡ ᠬᠠᠯᠠᠭᠤᠷᠠᠵᠤ ᠪᠠᠶᠢᠭ᠎ᠠ ᠡᠪᠡᠳᠴᠢᠳᠡᠨ ᠪᠤᠶᠤ ᠬᠡᠨᠡᠳᠳᠡ ᠥᠭᠦᠭᠰᠡᠨ ᠡᠪᠡᠳᠴᠢᠳᠡᠨ ᠢ ᠮᠡᠳᠡᠭᠦᠯᠬᠦ᠃      ᠭᠤᠷᠪᠠ᠂ ᠡᠯ᠎ᠡ ᠰᠣᠮᠣ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠳᠠᠷᠬᠠᠨ ᠮᠤᠤᠮᠢᠩᠭᠠᠨ ᠬᠤᠰᠢᠭᠤᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠭᠦ ᠳᠥᠪ ᠲᠤ ᠮᠡᠳᠡᠭᠦᠯᠬᠦ ᠤᠳᠠᠰᠤ᠄
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号