7 ᠰᠠᠷ᠎ᠠ ᠶᠢᠨ28 ᠤ ᠡᠳᠥᠷ᠂ ᠳᠡᠷᠬᠠᠨ ᠰᠤᠮᠤᠨ ᠤ ᠠᠷᠠᠳ ᠤᠨ ᠵᠠᠰᠠᠭ ᠤᠨ ᠤᠷᠳᠤᠨ᠂ ᠳᠤᠮᠢᠯᠠᠭᠰᠠᠨ | ᠰᠠᠯᠪᠤᠷᠢ ᠵᠢᠴᠢ ᠴᠠᠭᠠᠡᠤᠪᠤᠭᠠ ᠡᠷᠡᠭᠦᠯ ᠬᠠᠮᠠᠭᠠᠯᠠᠯ ᠤᠨ ᠬᠤᠷᠢᠶ᠎ᠠ ᠬᠠᠮᠳᠤᠷᠠᠨ ᠰᠤᠮᠤᠨ ᠤ ᠤᠶᠢᠷ᠎ᠠ ᠬᠠᠪᠢ ᠶᠢᠨ | ᠤᠷᠴᠢᠨ ᠳᠤᠭᠤᠷᠢᠨ ᠤ ᠠᠷᠢᠭᠤᠨ ᠴᠡᠪᠡᠷ ᠵᠢᠴᠢ ᠬᠤᠭ ᠨᠤᠪᠰᠢ ᠪᠤᠯᠠᠬᠤ ᠳᠠᠯᠠᠪᠠᠢ ᠶᠢ ᠶᠡᠬᠡᠪᠡᠷ ᠴᠡᠪᠡᠷᠯᠡᠪᠡ᠃ ᠦᠳᠡ | ᠶᠢᠨ ᠡᠮᠥᠨᠡᠬᠢ10 ᠴᠠᠭ ᠲᠤ ᠰᠤᠮᠤᠨ ᠤ ᠡᠯ᠎ᠡ ᠬᠠᠷᠢᠶ᠎ᠠ ᠪᠠᠶᠢᠭᠤᠯᠭ᠎ᠠ ᠶᠢᠨ ᠺᠠᠳ᠋ᠷ ᠠᠵᠢᠯᠳᠡᠨ᠂ ᠳᠤᠮᠢᠯᠠᠭᠰᠠᠨ | ᠰᠠᠯᠪᠥᠷᠢ ᠶᠢᠨ ᠴᠠᠭᠳᠠᠭ᠎ᠠ ᠡᠷᠡᠭᠦᠯ ᠬᠠᠮᠠᠭᠠᠯᠠᠯ ᠤᠨ ᠬᠤᠷᠢᠶᠠᠨ ᠤ50 ᠭᠠᠷᠤᠢ ᠠᠵᠢᠯᠳᠡᠨ ᠰᠤᠮᠤᠨ ᠤ ᠵᠠᠰᠠᠭ ᠤᠨ | ᠤᠷᠳᠤᠨ ᠤ ᠡᠭᠦᠳᠡᠨ ᠳᠤ ᠴᠤᠭᠯᠠᠷᠠᠵᠤ᠂ ᠬᠤᠶᠠᠷ ᠳᠤᠭᠤᠶᠢᠯᠠᠩ ᠬᠤᠪᠢᠶᠠᠨ ᠡᠷᠬᠢᠨ ᠳᠤᠭᠤᠷᠢᠨ ᠤ ᠬᠤᠭ ᠨᠤᠪᠰᠢ | ᠵᠢᠴᠢ ᠤᠪᠤᠭᠠᠯᠠᠭᠰᠠᠨ ᠬᠤᠭ ᠢ ᠴᠡᠪᠡᠷᠯᠡᠬᠦ ᠶᠢᠨ ᠬᠠᠮᠳᠥ ᠮᠠᠯᠴᠢᠨ ᠳᠠᠷᠢᠶᠠᠴᠢᠨ ᠤᠯᠠᠨ ᠳᠥᠮᠡᠨ ᠢ ᠠᠷᠢᠭᠤᠨ ᠴᠡᠪᠡᠷ | ᠡᠷᠬᠢᠮᠯᠡᠬᠦ ᠤᠷᠴᠢᠨ ᠠᠬᠤᠢ ᠶᠢ ᠬᠠᠮᠠᠭᠠᠯᠠᠬᠤ ᠠᠵᠢᠯᠯᠠᠭ᠎ᠠ ᠳᠤ ᠤᠬᠠᠮᠰᠠᠷ ᠠᠴᠠ ᠪᠠᠨ ᠤᠷᠤᠯᠴᠠᠵᠤ᠂ ᠴᠡᠪᠡᠷ ᠳᠡᠭᠰᠢ | ᠭᠤᠶᠤ ᠰᠠᠶᠢᠬᠠᠨ ᠦᠢᠯᠡᠳᠪᠥᠷᠢᠯᠡᠯ ᠠᠮᠢᠳᠥᠷᠠᠯ ᠤᠨ ᠣᠷᠴᠢᠨ ᠳᠤᠭᠤᠷᠢᠨ ᠢ ᠢᠳᠡᠪᠬᠢᠳᠡᠢ ᠡᠭᠦᠳᠬᠦ ᠬᠡᠷᠡᠭᠳᠡᠢ ᠬᠡᠵᠥ | ᠤᠬᠠᠭᠤᠯᠤᠨ ᠢᠳᠬᠠᠪᠠ᠃ | ᠥᠨᠥ ᠵᠢᠯ᠂ ᠲᠠᠷᠬᠠᠨ ᠰᠤᠮᠤ ᠤᠷᠴᠢᠨ ᠳᠤᠭᠤᠷᠢᠨ ᠤ ᠡᠷᠡᠭᠦᠯ ᠬᠠᠮᠠᠭᠠᠯᠠᠯ ᠤᠨ ᠵᠠᠰᠠᠨ ᠴᠡᠭᠴᠡᠯᠡᠯᠳᠡ ᠶᠢ | ᠬᠥᠳᠡᠭᠡ ᠳᠤᠰᠬᠤᠨ ᠢᠶᠠᠨ ᠬᠥᠭᠵᠢᠭᠦᠯᠥᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠤᠯᠭᠠᠵᠤ᠂ ᠤᠷᠴᠢᠨ ᠳᠤᠭᠤᠷᠢᠨ | ᠤ ᠡᠷᠡᠭᠦᠯ ᠬᠠᠮᠠᠭᠠᠯᠠᠯ ᠤᠨ ᠵᠠᠰᠠᠨ ᠴᠡᠭᠴᠡᠯᠡᠯᠳᠡ ᠳᠤ ︽335︾ ᠠᠵᠢᠯ ᠤᠨ ᠠᠷᠭ᠎ᠠ ︵ᠭᠤᠷᠪᠠᠨ ᠱᠠᠳᠣᠨ ᠤ | ᠪᠠᠶᠢᠭᠤᠯᠤᠮᠵᠢ ᠪᠠᠶᠢᠭᠤᠯᠵᠤ᠂ ᠭᠤᠷᠪᠠᠨ ᠳᠥᠷᠢᠮ ᠢ ᠨᠠᠶᠢᠳᠠᠪᠤᠷᠢᠵᠢᠭᠤᠯᠵᠤ᠂ ᠲᠠᠪᠤᠨ ᠶᠡᠭᠡ ᠠᠵᠢᠯᠯᠠᠭ᠎ᠠ ᠶᠢ | ᠠᠬᠢᠭᠤᠯᠬᠤ︶ ᠶᠢ ᠰᠥᠪᠡᠭᠴᠢᠯᠡᠨ ᠬᠡᠷᠡᠭᠵᠢᠭᠦᠯᠵᠥ᠂ ᠵᠠᠰᠠᠭ ᠤᠨ ᠤᠷᠳᠤᠨ ᠭᠤᠤᠯᠯᠠᠨ ᠤᠳᠤᠷᠢᠳᠴᠥ᠂ ᠤᠯᠠᠨ ᠳᠠᠯ᠎ᠠ | ᠪᠠᠷ ᠬᠠᠮᠳᠣᠷᠠᠨ᠂ ᠥᠷᠭᠡᠨ ᠳᠥᠮᠡᠨ ᠢᠶᠠᠷ ᠢᠶᠠᠷ ᠬᠥᠳᠡᠯᠥᠴᠡᠵᠥ᠂ ᠵᠡᠷᠭᠡᠪᠡᠷ ᠠᠳᠬᠤᠵᠤ ᠬᠠᠮᠳᠥ ᠳᠤ ᠨᠢ ᠬᠠᠮᠢᠶᠠᠷᠤᠨ | ᠳᠤᠤᠱᠳᠡᠢ ᠨᠠᠶᠢᠳᠠᠪᠤᠷᠢᠵᠢᠭᠤᠯᠵᠤ᠂ ᠤᠷᠴᠢᠨ ᠳᠤᠭᠤᠷᠢᠨ ᠤ ᠡᠷᠡᠭᠦᠯ ᠬᠠᠮᠠᠭᠠᠯᠠᠯ ᠤᠨ ᠪᠥᠭᠦᠯᠢ ᠴᠤᠭᠴᠠ ᠶᠢᠨ ᠳᠥᠷᠢ | ᠳᠥᠷᠬᠦ ᠳᠤ ᠢᠯᠡᠷᠭᠡᠢ ᠦᠷ᠎ᠡ ᠪᠥᠳᠥᠮᠵᠢ ᠡᠭᠦᠳᠴᠥ᠂ ᠪᠥᠬᠦ ᠰᠤᠮᠤᠨ ᠤ ᠡᠯ᠎ᠡ ᠳᠥᠷᠥᠯ ᠤᠨ ᠠᠵᠢᠯ ᠦᠢᠯᠡᠰ ᠤᠨ | ᠳᠡᠬᠢᠨᠳᠡ ᠰᠢᠨ᠎ᠡ ᠱᠠᠳᠤᠨ ᠳᠤ ᠭᠠᠷᠬᠤ ᠶᠢ ᠠᠬᠢᠭᠤᠯᠤᠭᠰᠠᠨ ᠪᠠᠶᠢᠨ᠎ᠠ᠃ | | | | |