ᠪᠦᠬᠦ ᠬᠤᠰᠢᠭᠤᠨ ᠤ ᠤᠯᠤᠰ ᠤᠨ ᠰᠢᠶᠠᠨ ᠤ ᠳᠡᠰ ᠤᠨ ᠪᠤᠯᠪᠠᠰᠤᠨ ᠬᠤᠲᠠ ᠶᠢ ᠴᠣᠭᠴᠠᠯᠠᠬᠤ ᠳᠤ᠂ ᠴᠢ ᠪᠢᠳᠡ ᠬᠠᠮᠲᠤ ᠪᠠᠷ ᠬᠥᠳᠡᠯᠥᠯᠴᠡᠶ᠎ᠡ
ᠨᠡᠶᠢᠲᠡᠯᠡᠭᠰᠡᠨ ᠴᠠᠭ᠄
2020-08-07
     ᠪᠣᠯᠪᠠᠰᠤᠨ ᠤ ᠣᠶᠢᠯᠠᠭᠠᠭᠳᠠᠬᠤᠨ ᠢ ᠣᠯᠠᠮᠵᠢᠯᠠᠵᠤ ᠂ ᠪᠦᠬᠦ ᠬᠤᠰᠢᠭᠤᠨ ᠤ ︽ᠤᠯᠤᠰ ᠤᠨ ᠰᠢᠶᠠᠨ ᠤ ᠳᠡᠰ  ᠤᠨ ᠪᠤᠯᠪᠠᠰᠤᠨ ᠬᠤᠲᠠ ᠶᠢ ᠪᠠᠶᠢᠭᠤᠯᠬᠤ︾ ᠠᠵᠢᠯ ᠪᠣᠯᠤᠨ ᠬᠤᠲᠠ ᠬᠥᠳᠡᠭᠡ ᠶᠢᠨ ᠣᠷᠴᠢᠨ ᠲᠣᠭᠤᠷᠢᠨ ᠢ ᠶᠡᠷᠥᠩᠭᠡᠶᠢᠯᠡᠨ ᠵᠠᠰᠠᠬᠤ ᠠᠵᠢᠯ ᠢ ᠥᠷᠨᠢᠭᠦᠯᠬᠦ ᠳᠤ ᠬᠦᠴᠦ ᠨᠡᠮᠡᠷᠢᠯᠡᠬᠦ ᠶᠢᠨ ᠲᠥᠯᠥᠭᠡ᠂ ᠤᠶᠢᠷ᠎ᠠ ᠳᠤ᠂ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ᠠᠵᠢᠯᠳᠠᠨ ᠪᠣᠯᠤᠨ ᠰᠠᠶᠢᠨ ᠳᠣᠷᠠᠴᠤᠤᠯ ᠢᠶᠠᠨ ᠵᠣᠬᠢᠶᠠᠨ ᠪᠠᠶᠢᠭᠤᠯᠵᠤ᠂ ᠳᠠᠭᠠᠭᠠᠴᠢᠯᠠᠨ ᠬᠤᠯᠪᠣᠭᠠᠯᠠᠭᠰᠠᠨ ᠬᠤᠤᠰ ᠰᠤᠪᠤᠷᠭ᠎ᠠ ᠨᠡᠶᠢᠭᠡᠮ ᠲᠣᠭᠤᠷᠢᠭ ᠤᠨ ᠢᠦᠶ ᠯᠦᠩ ᠸᠠᠨ ᠪᠠᠭ᠎ᠠ ᠲᠣᠭᠤᠷᠢᠭ ᠲᠤ ︽ᠭᠠᠷ ᠬᠤᠯᠪᠣᠨ ᠦᠵᠡᠰᠬᠦᠯᠡᠩᠲᠦ ᠰᠠᠶᠢᠬᠠᠨ ᠬᠡᠷ ᠣᠷᠣᠨ ᠢᠶᠠᠨ ᠴᠣᠭᠴᠠᠯᠠᠨ ᠪᠠᠶᠢᠭᠤᠯᠵᠤ᠂ ᠪᠣᠯᠪᠠᠰᠤᠨ ᠡᠶ᠎ᠡ ᠵᠣᠬᠢᠴᠠᠩᠭᠤᠶ ᠬᠤᠤᠰ ᠰᠤᠪᠤᠷᠭ᠎ᠠ ᠶᠢ ᠬᠠᠮᠲᠤ ᠪᠠᠷ ᠪᠠᠶᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃
     ᠡᠨᠡ ᠤᠳᠠᠭᠠᠨ ᠤ ᠠᠵᠢᠯᠯᠠᠭ᠎ᠠ ᠳᠤ᠂ ᠢᠦᠶ ᠯᠦᠩ ᠸᠠᠨ ᠪᠠᠭ᠎ᠠ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠳᠠᠬᠢᠨ ᠨᠢᠭᠡ ᠤᠳᠠᠭ᠎ᠠ ᠳᠥᠪᠯᠡᠷᠡᠭᠦᠯᠥᠨ ᠴᠡᠪᠡᠷᠯᠡᠵᠦ᠂ ᠲᠣᠭᠤᠷᠢᠭ ᠤᠨ ᠬᠠᠲᠠᠭᠤᠷᠠᠯ ᠪᠦᠰᠡ᠂ ᠨᠣᠭᠤᠭᠠᠷᠠᠭᠤᠯᠤᠯᠲᠠ ᠶᠢᠨ ᠪᠦᠰᠡ ᠶᠢᠨ ᠠᠮᠢᠳᠤᠷᠠᠯ ᠤᠨ ᠬᠤᠭ ᠨᠣᠪᠰᠢ᠂ ᠡᠯᠳᠡᠪ ᠪᠣᠳᠠᠰ ᠵᠢᠴᠢ ᠵᠢᠵᠢᠭ ᠣᠷᠣᠨ ᠤ ᠳᠣᠲᠣᠷᠠᠬᠢ ᠵᠢᠵᠢᠭ ᠵᠠᠷ ᠮᠡᠳᠡᠭᠡ ᠶᠢ ᠭᠤᠤᠯᠳᠠᠯᠭ᠎ᠠ ᠲᠠᠢ ᠴᠡᠪᠡᠷᠯᠡᠨ ᠠᠷᠢᠯᠭᠠᠵᠠᠶ᠃ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠠᠰᠠ ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢᠨ ᠭᠤᠣᠯ ᠰᠡᠳᠦᠪᠲᠦ ᠴᠡᠴᠡᠷᠯᠢᠭ︾ ᠵᠡᠷᠭᠡ ᠬᠠᠮᠢᠶ᠎ᠠ ᠪᠦᠬᠦᠢ ᠫᠠᠶᠢᠰᠠ ᠢᠯᠡᠷᠬᠡᠶᠢᠯᠡᠯ ᠢ ᠰᠣᠯᠢᠵᠤ᠂ ︽ᠪᠣᠯᠪᠠᠰᠤᠨ ᠢ ᠡᠷᠬᠢᠮᠯᠡᠵᠦ᠂ ᠰᠢᠨ᠎ᠡ ᠬᠡᠪ ᠰᠤᠷᠲᠠᠯ ᠢ ᠪᠤᠢ ᠪᠣᠯᠭᠠᠬᠤ︾ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠵᠡᠷᠭᠡ ᠤᠬᠠᠭᠤᠯᠭ᠎ᠠ ᠶᠢᠨ ᠠᠭᠤᠯᠭ᠎ᠠ ᠶᠢ ᠨᠠᠭᠠᠵᠤ᠂ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠰᠠᠶᠢᠵᠢᠷᠠᠭᠤᠯᠤᠨ᠂ ᠪᠣᠯᠪᠠᠰᠤᠨ ᠢ ᠡᠭᠦᠳᠦᠨ ᠪᠠᠶᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠠᠶ᠃
     ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠬᠤᠲᠠ ᠶᠢ ᠴᠣᠭᠴᠠᠯᠠᠨ ᠪᠠᠶᠢᠭᠤᠯᠬᠤ ᠪᠠ ᠬᠤᠲᠠ ᠬᠥᠳᠡᠭᠡ ᠶᠢᠨ ᠣᠷᠴᠢᠨ ᠲᠣᠭᠤᠷᠢᠨ ᠢ ᠶᠡᠷᠥᠩᠭᠡᠶᠢᠯᠡᠨ ᠵᠠᠰᠠᠬᠤ ᠶᠢ ᠥᠷᠨᠢᠭᠦᠯᠬᠦ ᠶᠢᠨ ᠴᠢᠬᠤᠯᠠ ᠴᠢᠨᠠᠷ ᠢ ᠮᠡᠳᠡᠭᠦᠯᠵᠥ᠂ ᠰᠠᠭᠤᠭᠠᠯᠢ ᠠᠷᠠᠳ ᠥᠪᠡᠷ ᠤᠨ ᠪᠠᠶ᠎ᠡ ᠠᠴᠠ ᠭᠠᠷᠳᠠᠵᠤ᠂ ᠥᠪᠡᠷ ᠤᠨ ᠭᠡᠷ  ᠤᠷᠤᠨ ᠠᠴᠠ ᠪᠠᠨ ᠭᠠᠷᠳᠠᠵᠤ᠂ ᠤᠬᠠᠮᠰᠠᠷ ᠠᠴᠠ ᠪᠠᠨ ᠭᠠᠷ ᠬᠥᠳᠡᠯᠵᠦ᠂ ᠥᠪᠡᠷ ᠤᠨ ᠭᠡᠷ ᠤᠨ ᠬᠦᠷᠢᠶ᠎ᠡ ᠬᠠᠰᠢᠶ᠎ᠠ ᠪᠠ ᠣᠯᠠᠨ ᠨᠡᠶᠢᠲᠡ ᠶᠢᠨ ᠣᠷᠴᠢᠨ ᠳᠣᠭᠤᠷᠢᠨ ᠢ ᠴᠡᠪᠡᠷᠰᠢᠭᠦᠯᠵᠦ᠂  ᠪᠣᠯᠪᠠᠰᠤᠨ ᠤ ᠤᠬᠠᠮᠰᠠᠷ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠬᠠᠮᠰᠠᠷ ᠢᠶᠠᠨ ᠳᠡᠭᠡᠭᠰᠢᠯᠡᠭᠦᠯᠬᠦ ᠶᠢ ᠤᠷᠢᠶᠠᠯᠠᠵᠠᠢ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号