ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠤ ᠢᠯᠡᠭᠡᠬᠦ ᠵᠠᠬᠢᠳᠠᠯ
ᠨᠡᠶᠢᠲᠡᠯᠡᠭᠰᠡᠨ ᠴᠠᠭ᠄
2020/9/10
—ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠢ ᠬᠥᠲᠥᠯᠥᠨ ᠵᠢᠯᠣᠭᠤᠳᠴᠤ ᠲᠥᠪ ᠤᠨ ᠰᠢᠢᠳᠪᠥᠷᠢᠳᠥ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠶ᠎ᠠ      ᠶᠡᠷᠦᠩᠬᠡᠢ ᠱᠦᠵᠢ ᠰᠢ ᠶᠢᠨ ᠫᠢᠩ ᠠᠴᠠ ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ᠂ ᠤᠯᠤᠰ ᠠᠴᠠ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠦᠯᠬᠢᠨ ᠠᠬᠢᠭᠤᠯᠬᠤ ᠪᠣᠯ ᠤᠯᠤᠰ ᠤᠨ ᠰᠠᠭᠤᠷᠢ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠢᠨᠵᠧᠨᠧᠷᠢᠩ ᠪᠣᠯᠣᠨ᠎ᠠ᠃ ᠡᠨᠡ ᠨᠢ ᠲᠥᠪ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠪᠣᠯᠬᠤ ᠮᠥᠷᠲᠡᠭᠡᠨ ᠤᠯᠤᠰ ᠤᠨ ᠠᠵᠢᠯ ᠶᠠᠪᠤᠳᠠᠯ ᠤᠨ ᠡᠷᠬᠡ ᠮᠥᠨ᠂ ᠲᠡᠷᠡ ᠨᠢ ᠳᠣᠶᠢᠯ ᠤᠨ ᠴᠢᠩᠭ᠎ᠠ ᠡᠷᠬᠡ ᠰᠦᠷᠲᠦ ᠴᠢᠨᠠᠷ ᠪᠠ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠶᠤᠮ ᠭᠡᠵᠦ ᠳᠤᠷᠠᠳᠴᠠᠢ᠃      ᠲᠥᠪ ᠤᠨ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠵᠦ᠂ ᠥᠪᠥᠷ ᠮᠣᠩᠭᠤᠯ᠂ ᠭᠠᠨᠰᠦ᠂ ᠭᠢᠷᠢᠨ᠂ ᠯᠢᠶᠣᠤᠨᠢᠩ᠂ ᠬᠥᠬᠡᠨᠠᠭᠤᠷ᠂ ᠰᠧᠴᠤᠸᠠᠨ ᠵᠡᠷᠭᠡ 6 ᠮᠤᠵᠢ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠡᠨᠡ ᠵᠢᠯ ᠤᠨ 9 ᠰᠠᠷ᠎ᠠ ᠠᠴᠠ ᠡᠬᠢᠯᠡᠨ ᠳᠤᠮᠳᠠᠳᠤ ᠪᠠᠭ᠎ᠠ ᠰᠤᠷᠭᠠᠭᠤᠯᠢ ᠶᠢᠨ ᠬᠡᠯᠡ ᠪᠢᠴᠢᠭ᠂ ᠤᠯᠤᠰ ᠲᠥᠷᠥ ︵ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤ︶᠂ ᠲᠡᠤᠬᠡ ᠵᠡᠷᠭᠡ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠣᠯᠤᠨ᠎ᠠ᠃ ᠥᠪᠥᠷ ᠮᠣᠩᠭᠤᠯ ᠭᠤᠷᠪᠠᠨ ᠵᠢᠯ ᠬᠤᠪᠢᠶᠠᠨ ᠠᠯᠬᠤᠮ ᠠᠯᠬᠤᠮ ᠢᠶᠠᠷ ᠬᠡᠷᠡᠭᠵᠢᠭᠦᠯᠵᠦ᠂ ᠡᠨᠡ ᠵᠢᠯ ᠤᠨ ᠨᠠᠮᠤᠷ ᠰᠤᠷᠭᠠᠭᠤᠯᠢ ᠡᠬᠢᠯᠡᠬᠦ ᠳᠤ ᠵᠥᠪᠬᠡᠨ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ  ᠳᠤ ᠤᠷᠢᠳᠠᠪᠠᠷ ᠬᠡᠯᠡ ᠪᠢᠴᠢᠭ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠨ᠎ᠡ᠃ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠬᠡᠷᠡᠭᠵᠢᠭᠦᠯᠦᠭᠰᠡᠨ ᠤ ᠳᠠᠷᠠᠭ᠎ᠠ᠂ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠶᠢᠨ ᠪᠤᠰᠤᠳ ᠬᠢᠴᠢᠶᠡᠯ ᠲᠥᠷᠥᠯ ᠤᠨ ᠲᠣᠬᠢᠷᠠᠭᠤᠯᠤᠯᠲᠠ ᠶᠢ ᠬᠤᠪᠢᠷᠠᠭᠤᠯᠬᠤ ᠥᠬᠡᠶ᠂ ᠬᠡᠷᠡᠭᠯᠡᠵᠦ ᠪᠠᠶᠢᠭ᠎ᠠ ᠵᠢᠭᠠᠬᠤ ᠮᠠᠲ᠋ᠧᠷᠢᠶᠠᠯ ᠢ ᠬᠤᠪᠢᠷᠠᠭᠤᠯᠬᠤ ᠥᠬᠡᠶ᠂ ᠬᠢᠴᠢᠶᠡᠯᠯᠡᠭᠡ ᠶᠢᠨ ᠦᠭᠡ ᠬᠡᠯᠡ ᠦᠰᠦᠭ ᠪᠢᠴᠢᠭ ᠢ ᠬᠤᠪᠢᠷᠠᠭᠤᠯᠬᠤ ᠦᠭᠡᠢ᠂ ᠮᠣᠩᠭᠤᠯ ᠬᠡᠯᠡ ᠪᠢᠴᠢᠭ ᠤᠨ ᠬᠢᠴᠢᠶᠡᠯ ᠤᠨ ᠴᠠᠭ ᠢ ᠬᠤᠪᠢᠷᠠᠭᠤᠯᠬᠤ ᠦᠭᠡᠢ᠃ ᠡᠶᠢᠮᠥ ᠠᠴᠠ ᠣᠳᠣ ᠪᠠᠶᠢᠭ᠎ᠠ ᠬᠤᠣᠰ ᠬᠡᠯᠡᠨ ᠤ ᠰᠤᠷᠭᠠᠨ ᠬᠥᠮᠦᠵᠢᠯ ᠤᠨ ᠰᠢᠰᠲ᠋ᠧᠮ ᠬᠤᠪᠢᠷᠠᠭ᠎ᠠ ᠦᠭᠡᠢ᠃      ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠣᠭᠰᠠᠨ ᠤ ᠬᠤᠪᠢ ᠳᠤ᠂ ᠵᠢᠱᠢᠶᠡᠴᠢ ᠪᠠ ᠦᠯᠢᠭᠡᠷ ᠳᠠᠭᠤᠷᠢᠶᠠᠯ ᠤᠨ ᠦᠢᠯᠡᠳᠦᠯ ᠢ ᠪᠠᠳᠠᠷᠠᠭᠤᠯᠵᠤ᠂ ᠤᠯᠤᠰ ᠤᠨ ᠴᠢᠬᠤᠯᠠ ᠶᠡᠭᠡ  ᠰᠢᠢᠳᠪᠥᠷᠢᠳᠥ ᠪᠣᠳᠣᠯᠭ᠎ᠠ ᠶᠢᠨ ᠰᠠᠨᠠᠭᠠᠴᠢᠯᠠᠭᠴᠢ᠂ ᠦᠢᠯᠡᠳᠥᠯᠭᠡᠵᠢᠭᠦᠯᠥᠭᠴᠢ᠂ ᠬᠢᠨᠠᠯᠲᠠ ᠲᠠᠯᠪᠢᠭᠴᠢ ᠪᠣᠯᠬᠤ ᠬᠠᠷᠢᠭᠤᠴᠠᠯᠭ᠎ᠠ ᠪᠠ ᠡᠭᠦᠷᠭᠡ ᠲᠠᠢ᠃ ᠡᠭᠦᠨ ᠤ ᠲᠤᠯᠠ᠂ ᠪᠥᠬᠦ ᠬᠤᠰᠢᠭᠤᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠤ ᠳᠠᠷᠠᠭᠠᠬᠢ ᠰᠠᠨᠠᠭᠠᠴᠢᠯᠠᠭ᠎ᠠ ᠶᠢ ᠳᠤᠷᠠᠳᠪᠠ᠄      ᠨᠢᠭᠡ ᠂ ᠤᠯᠤᠰ ᠲᠥᠷᠥ ᠶᠢᠨ ᠲᠠᠨᠢᠯᠲᠠ ᠪᠠᠨ ᠳᠡᠭᠡᠭᠰᠢᠯᠡᠭᠦᠯᠵᠦ᠂ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ ᠠᠵᠢᠯ ᠤᠨ ᠳᠠᠭᠠᠭᠤᠯᠤᠭᠴᠢ ᠪᠣᠯᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠣᠯᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠯᠤᠰ ᠲᠥᠷᠥ ᠶᠢᠨ ᠬᠤᠷᠴᠠ ᠰᠡᠷᠭᠡᠭ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠡᠨᠡᠬᠦ ᠠᠵᠢᠯ ᠤᠨ ᠴᠢᠬᠤᠯᠠ ᠴᠢᠨᠠᠷ ᠢ ᠲᠣᠳᠣᠷᠬᠠᠶ ᠲᠠᠨᠢᠵᠤ᠂ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ ᠠᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠤᠨ ᠲᠠᠶᠢᠯᠤᠮᠵᠢ ᠶᠢ ᠬᠢᠨᠠᠮᠠᠭᠠᠶ ᠰᠤᠷᠤᠯᠴᠠᠨ ᠣᠶᠢᠯᠠᠭᠠᠵᠤ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠡᠨᠡᠬᠦ ᠲᠥᠷᠥ ᠶᠢᠨ ᠪᠣᠳᠣᠯᠭ᠎ᠠ ᠶᠢ ᠤᠶᠢᠯᠠᠭᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠲᠥᠪ ᠤᠨ ᠪᠠ ᠤᠯᠤᠰ ᠤᠨ ᠰᠢᠢᠳᠪᠥᠷᠢᠳᠥ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠳᠡᠮᠵᠢᠬᠦ ᠬᠡᠷᠡᠭᠲᠡᠶ᠃     ᠬᠤᠶᠠᠷ ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ  ᠭᠦᠢᠴᠡᠳᠬᠡᠵᠥ᠂ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ ᠠᠵᠢᠯ ᠤᠨ ᠦᠢᠯᠡᠳᠥᠯᠭᠡᠵᠢᠭᠦᠯᠥᠭᠴᠢ ᠪᠣᠯᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠣᠯᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠣᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢᠶᠠᠨ  ᠭᠥᠢᠴᠡᠳ ᠪᠠᠳᠠᠷᠠᠭᠤᠯᠤᠨ᠂ ᠣᠯᠠᠨ ᠲᠦᠮᠡᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠲᠥᠪ ᠤᠨ ᠰᠢᠢᠳᠪᠥᠷᠢᠳᠥ ᠪᠣᠳᠣᠯᠭ᠎ᠠ ᠶᠢ ᠣᠶᠢᠯᠠᠭᠠᠭᠤᠯᠬᠤ ᠳᠤ ᠳᠡᠮᠵᠢᠯᠭᠡ ᠪᠣᠯᠵᠤ᠂ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠵᠤ᠂ ᠪᠣᠳᠠᠲᠤ ᠠᠵᠢᠯᠯᠠᠭ᠎ᠠ ᠪᠠᠷ ᠢᠶᠠᠨ ᠭᠡᠷ ᠪᠦᠯᠢ ᠶᠢᠨ ᠪᠦᠷᠢᠯᠳᠦᠬᠦᠨ ᠬᠠᠮᠲᠤ ᠠᠵᠢᠯᠯᠠᠭᠰᠠᠳ ᠨᠠᠶᠢᠵᠠ ᠨᠥᠬᠦᠳ ᠪᠣᠯᠤᠨ ᠳᠡᠷᠭᠡᠳᠡᠬᠢ ᠣᠯᠠᠨ ᠲᠦᠮᠡᠨ ᠢᠶᠠᠨ ᠪᠦᠯᠬᠦᠮᠳᠡᠨ ᠳᠠᠭᠠᠭᠤᠯᠬᠤ ᠶᠢᠨ ᠬᠠᠮᠲᠤ ᠡᠨᠡᠬᠦ ᠠᠵᠢᠯ ᠢ ᠳᠡᠮᠵᠢᠬᠦ ᠬᠡᠷᠡᠭᠲᠡᠶ᠃      ᠭᠤᠷᠪᠠ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ ᠠᠵᠢᠯ ᠢ ᠲᠦᠯᠬᠢᠨ ᠠᠬᠢᠭᠤᠯᠬᠤ   ᠶᠠᠪᠤᠴᠠ ᠳᠠᠬᠢ ᠬᠥᠭᠦᠷᠭᠡ ᠬᠤᠯᠪᠣᠭᠠᠰᠤ ᠪᠣᠯᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠣᠯᠤᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠶᠢᠯᠠᠭᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠬᠢᠵᠦ᠂ ᠵᠥᠪ ᠲᠠᠯ᠎ᠠ ᠠᠴᠠ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠣᠯᠠᠨ ᠲᠦᠮᠡᠨ ᠤ ᠬᠠᠤᠯᠢ ᠶᠣᠰᠣᠭᠠᠷ ᠬᠦᠰᠡᠯ ᠱᠠᠭᠠᠷᠳᠠᠯᠭ᠎ᠠ ᠪᠠᠨ ᠢᠯᠡᠳᠬᠡᠬᠦ ᠶᠢ ᠬᠥᠲᠥᠯᠥᠨ ᠵᠢᠯᠣᠭᠤᠳᠬᠤ ᠬᠡᠷᠡᠭᠲᠡᠶ᠃      ᠥᠷᠭᠡᠨ ᠣᠯᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠥᠪᠥᠷ ᠮᠣᠩᠭᠤᠯ ᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠢᠷᠠᠭᠤ ᠠᠯᠳᠠᠷ ᠢ ᠬᠠᠮᠠᠭᠠᠯᠠᠬᠤ ᠳᠤ ᠭᠡᠷᠡᠯ ᠭᠢᠯᠪᠠᠭ᠎ᠠ ᠨᠡᠮᠡᠬᠦ ᠶᠢ ᠬᠦᠰᠡᠵᠦ ᠪᠠᠶᠢᠨ᠎ᠠ -ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠷᠢᠶ᠎ᠠᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ2020 ᠣᠨ ᠤ 9 ᠰᠠᠷ᠎ᠠ ᠶᠢᠨ 1 ᠤ ᠡᠳᠦᠷ
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号