ᠪᠤᠭᠤᠲᠤ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠢᠤᠢ ᠳ᠋ᠧ ᠯᠢᠨ ᠨᠡᠷ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠪᠠᠭᠰᠢ ᠶᠢᠨ ᠲᠥᠯᠥᠭᠡᠯᠡᠭᠴᠢ ᠶᠢ ᠲᠣᠬᠤᠨᠢᠭᠤᠯᠪᠠ
ᠨᠡᠶᠢᠲᠡᠯᠡᠭᠰᠡᠨ ᠴᠠᠭ᠄
2020/9/11
     9 ᠰᠠᠷ᠎ᠠ ᠶᠢᠨ 9 ᠤ ᠡᠳᠦᠷ᠂ 36 ᠳ᠋ᠤᠭᠠᠷ ᠪᠠᠭᠰᠢ ᠶᠢᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠪᠤᠭᠤᠲᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠢᠤᠢ ᠳ᠋ᠧ ᠯᠢᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠷᠢᠨ ᠪᠢᠴᠢᠭ ᠤᠨ ᠳᠠᠷᠤᠭ᠎ᠠ ᠵᠤᠤ ᠹᠧᠩ ᠶᠦᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠣᠶᠤᠨ᠂ ᠪᠤᠭᠤᠲᠤ ᠬᠤᠲᠠ ᠶᠢᠨ ᠳᠡᠳ᠋ ᠳᠠᠷᠤᠭ᠎ᠠ ᠡᠤ ᠡᠯ ᠪᠢᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠦᠨ ᠭᠠᠩ ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠳᠤ ᠢᠷᠡᠵᠦ᠂ ᠪᠠᠭᠰᠢ ᠶᠢᠨ ᠲᠥᠯᠥᠭᠡᠯᠡᠭᠴᠢ ᠶᠢ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠭᠥᠷᠭᠡᠵᠡᠢ᠃ ᠬᠤᠰᠢᠭᠤᠨ ᠤ ᠤᠳᠤᠷᠢᠳᠤᠯᠭ᠎ᠠ ᠰᠢᠤᠸᠠᠢ ᠰᠦᠩ᠂ ᠭᠥᠩ ᠬᠤᠸᠠ᠂ ᠣᠳᠬᠠᠨᠰᠤᠳᠣ᠂ ᠶᠠᠩ ᠪᠠᠶ ᠵᠢᠶᠦ᠋ᠨ᠂ ᠬᠤᠸᠠᠩ ᠯᠦᠩ ᠵᠢᠴᠢ ᠰᠤᠷᠭᠠᠨ ᠬᠥᠮᠦᠵᠢᠯ ᠤᠨ ᠲᠣᠪᠴᠢᠶᠠᠨ ᠤ ᠬᠠᠷᠢᠭᠤᠴᠠᠯᠭᠠᠲᠠᠨ ᠪᠠᠷ᠎ᠠ ᠪᠣᠯᠵᠤ ᠲᠣᠬᠤᠨᠢᠭᠤᠯᠪᠠ᠃
     ᠰᠢᠤᠢ ᠳ᠋ᠧ ᠯᠢᠨ ᠨᠡᠷ ᠤᠷᠢᠳ ᠬᠤᠵᠢᠳ ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ ᠶᠢᠨ ᠪᠠᠭᠰᠢ ᠯᠦ ᠵᠢᠶᠠᠨ ᠭᠦᠸᠧ᠂ ᠰᠢᠪᠡᠷᠬᠦᠷᠢᠶ᠎ᠡ ᠪᠠᠭ᠎ᠠ ᠰᠤᠷᠭᠠᠭᠤᠯᠢ ᠶᠢᠨ ᠪᠠᠭᠰᠢ ᠬᠠᠨ ᠶᠦᠩ ᠯᠢ᠂ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠪᠠᠭᠰᠢ ᠪᠠᠶᠠᠨᠨᠠᠮᠤᠷᠠ᠂ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠠᠵᠢᠯ ᠠᠴᠠ ᠪᠠᠨ ᠠᠮᠠᠷᠠᠭᠰᠠᠨ ᠪᠠᠭᠰᠢ ᠨᠠᠰᠤᠨᠪᠤᠶᠠᠨ᠂ ᠪᠠᠲᠤᠬᠠᠭᠠᠯᠭ᠎ᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠵᠠᠩ ᠮᠧᠶ ᠵᠧᠨ ᠢ ᠪᠣᠯᠭᠤᠭᠠᠨ ᠦᠵᠡᠪᠡ᠃ ᠰᠢᠤᠢ ᠳ᠋ᠧ ᠯᠢᠨ ᠪᠠᠭᠰᠢ ᠨᠠᠷ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠲᠥᠯᠥᠭᠡ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠭᠥᠢᠴᠡᠳ ᠨᠤᠲᠠᠯᠠᠵᠤ᠂ ᠪᠠᠭᠰᠢᠨᠠᠷ ᠢ ᠠᠵᠢᠯ ᠤᠨ ᠪᠠᠶᠢᠷᠢ ᠪᠠᠨ ᠬᠠᠶᠢᠷᠠᠯᠠᠨ᠂ ᠦᠢᠯᠡᠰ ᠢᠶᠠᠨ ᠳᠡᠭᠡᠳᠥᠯᠡᠭᠰᠡᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠤᠨ ᠪᠠᠶᠢᠷᠢ ᠳᠡᠭᠡᠷ᠎ᠡ ᠪᠠᠨ ᠰᠢᠨ᠎ᠡ ᠬᠤᠪᠢ ᠨᠡᠮᠡᠷᠢ ᠦᠵᠡᠭᠦᠯᠬᠦ ᠵᠤᠷᠢᠭᠵᠢᠭᠤᠯᠵᠠᠢ᠃ ᠡᠭᠦᠨ ᠤ ᠬᠠᠮᠲᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠪᠠᠭᠰᠢ ᠶᠢᠨ ᠡᠩᠨᠡᠭᠡ ᠶᠢᠨ ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠪᠠᠭᠰᠠᠢ ᠨᠠᠷ ᠲᠤ ᠰᠠᠶᠢᠨ ᠰᠠᠶᠢᠬᠠᠨ ᠠᠵᠢᠯ ᠪᠠ ᠠᠮᠢᠳᠤᠷᠠᠯ ᠤᠨ ᠣᠷᠴᠢᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号