9 ᠰᠠᠷ᠎ᠠ ᠶᠢᠨ8 ᠤ ᠦᠳᠡ ᠶᠢᠨ ᠡᠮᠥᠨ᠎ᠡ᠂ ᠳᠠᠷᠬᠠᠨ ᠰᠤᠮᠤ ᠺᠠᠳ᠋ᠷ ᠠᠵᠢᠯᠳᠡᠳ ᠢᠶᠠᠨ ᠵᠤᠬᠢᠶᠠᠨ ᠪᠠᠶᠢᠭᠤᠯᠵᠤ᠂ | ᠪᠡᠭᠡᠵᠢᠩ ᠤᠨ ᠠᠷᠠᠳ ᠤᠨ ᠶᠡᠭᠡ ᠬᠤᠷᠠᠯ ᠤᠨ ᠳᠠᠩᠬᠢᠮ ᠳᠤ ᠥᠪᠡᠳᠡᠭᠰᠢ ᠶᠡᠭᠡ ᠪᠠᠷ ᠶᠠᠪᠤᠳᠠᠭᠰᠠᠨ ᠪᠥᠬᠦ ᠤᠯᠤᠰ | ᠤᠨ ᠰᠢᠨ᠎ᠡ ᠳᠢᠳᠢᠮᠯᠢᠭ ᠠᠭᠤᠰᠬᠢᠨ ᠥᠷᠪᠢᠰᠥᠯ ᠤᠨ ᠬᠢᠵᠢᠭ ᠤᠨ ᠪᠠᠶᠢᠳᠠᠯ ᠲᠠᠢ ᠳᠡᠮᠡᠴᠡᠭᠰᠡᠨ ᠠᠵᠢᠯ ᠤᠨ | ᠬᠥᠬᠢᠭᠦᠯᠥᠨ ᠰᠠᠶᠢᠰᠢᠶᠠᠬᠤ ᠶᠡᠭᠡ ᠬᠤᠷᠠᠯ ᠢ ᠬᠥᠯᠢᠶᠡᠨ ᠠᠪᠴᠥ ᠦᠵᠡᠪᠡ᠃ ᠶᠡᠷᠥᠩᠭᠡᠢ ᠱᠥᠵᠢ ᠰᠢ ᠶᠢᠨ ᠫᠢᠩ᠂ | ᠤᠯᠤᠰ ᠤᠨ ︽ᠪᠥᠭᠦᠳᠡ ᠨᠠᠶᠢᠷᠠᠮᠳᠠᠬᠤ ᠤᠯᠤᠰ ᠤᠨ ᠭᠠᠪᠢᠶᠠᠨ ᠳᠡᠮᠳᠡᠭ︾ ᠢ ᠬᠥᠷᠳᠡᠭᠰᠡᠨ ᠵᠥᠩ ᠨᠠᠨ ᠱᠠᠨ | ᠪᠤᠯᠤᠨ ︽ᠠᠷᠠᠳ ᠤᠨ ᠪᠠᠭᠠᠳᠤᠷ︾ ᠬᠡᠭᠦ ᠤᠯᠤᠰ ᠤᠨ ᠳᠡᠰ ᠤᠨ ᠢᠷᠠᠭᠤ ᠠᠯᠳᠠᠷ ᠤᠨ ᠴᠤᠯᠠ ᠬᠥᠷᠳᠡᠭᠰᠡᠨ ᠵᠠᠩ | ᠪᠥᠸᠧ ᠯᠢ᠂ ᠵᠠᠩ ᠳ᠋ᠢᠩ ᠢᠦᠢ ᠪᠤᠯᠤᠨ ᠴᠧᠨ ᠸᠧᠢ ᠨᠠᠷ ᠲᠤ ᠭᠠᠪᠢᠶᠠᠨ ᠳᠡᠮᠳᠡᠭ ᠢ ᠤᠯᠭᠤᠭᠰᠠᠨ ᠪᠥᠭᠡᠳ | ᠴᠢᠬᠤᠯᠠ ᠶᠠᠷᠢᠶ᠎ᠠ ᠳᠠᠯᠪᠢᠵᠠᠢ᠃ ᠶᠡᠭᠡ ᠬᠤᠷᠠᠯ ᠠᠴᠠ ᠰᠢᠨ᠎ᠡ ᠳᠢᠳᠢᠮᠯᠢᠭ ᠠᠭᠤᠰᠬᠢᠨ ᠥᠷᠪᠢᠰᠥᠯ ᠤᠨ ᠬᠢᠵᠢᠭ ᠤᠨ | ᠪᠠᠶᠢᠳᠠᠯ ᠢ ᠡᠰᠡᠷᠭᠦᠴᠡᠭᠰᠡᠨ ᠲᠡᠷᠢᠭᠦᠨ ᠤ ᠬᠤᠪᠢ ᠬᠥᠮᠥᠨ᠂ ᠳᠡᠷᠢᠭᠦᠨ ᠤ ᠬᠠᠮᠳᠥ ᠨᠡᠶᠢᠳᠡ᠂ ᠪᠥᠬᠦ ᠤᠯᠤᠰ ᠤᠨ | ᠰᠢᠯᠢᠳᠡᠭ ᠡᠪ ᠬᠠᠮᠳᠥ ᠨᠠᠮ ᠤᠨ ᠭᠡᠰᠢᠭᠦᠨ᠂ ᠪᠥᠬᠦ ᠤᠯᠤᠰ ᠤᠨ ᠥᠨᠳᠥᠰᠥᠨ ᠱᠠᠳᠣᠨ ᠤ ᠨᠠᠮ ᠤᠨ ᠵᠤᠬᠢᠶᠠᠨ | ᠪᠠᠶᠢᠭᠤᠯᠤᠯᠳᠠ ᠶᠢ ᠬᠥᠬᠢᠭᠦᠯᠥᠨ ᠰᠠᠶᠢᠰᠢᠶᠠᠪᠠ᠃ | | ᠳᠣᠰ ᠤᠳᠠᠭᠠᠨ ᠤ ᠬᠥᠳᠡᠯᠭᠡᠭᠡᠨ ᠨᠢ ᠪᠥᠬᠦ ᠳᠠᠷᠬᠠᠨ ᠰᠤᠮᠤᠨ ᠤ ᠠᠷᠠᠳ ᠤᠨ ᠳᠤᠮᠳᠠ ᠭᠥᠨᠵᠡᠭᠡᠶᠢᠷᠡᠵᠥ | ᠪᠠᠶᠢᠭ᠎ᠠ ᠬᠠᠮᠤᠭ ᠤᠨ ᠥᠨᠳᠥᠰᠥᠨ ᠱᠠᠳᠣᠨ ᠺᠠᠳ᠋ᠷ ᠠᠵᠢᠯᠳᠡᠳ ᠲᠤ ᠨᠢᠭᠡᠨ ᠤᠳᠠᠭᠠᠨ ᠤ ᠤᠶᠤᠨ ᠰᠠᠨᠠᠭᠠᠨ ᠤ | ᠳᠠᠪᠳᠠᠯᠳᠡ ᠶᠢ ᠭᠥᠷᠳᠡᠭᠡᠭᠰᠡᠨ ᠢᠶᠠᠷ ᠪᠠᠷᠠᠬᠤ ᠦᠭᠡᠢ᠂ ᠳᠡᠳᠡᠭᠡᠷ ᠬᠥᠴᠢᠷ ᠪᠡᠷᠭᠡᠳᠥ ᠴᠠᠭ ᠦᠶ᠎ᠡ ᠳᠤ ᠠᠮᠢ ᠨᠠᠰᠣ ᠪᠠᠨ | ᠬᠠᠶᠢᠬᠤᠷᠤᠯ ᠦᠭᠡᠢ ᠤᠷᠤᠭᠰᠢ ᠳᠡᠮᠡᠥᠯᠡᠭᠰᠡᠨ ᠪᠠᠭᠠᠳᠤᠷᠴᠤᠳ ᠠᠴᠠ ᠪᠠᠨ ᠲᠠᠭᠠᠨ ᠰᠣᠷᠣᠯᠴᠠᠵᠤ᠂ ᠬᠤᠵᠢᠮ ᠤᠨ | ᠠᠵᠢᠯ ᠠᠮᠢᠳᠣᠷᠠᠯ ᠤᠨ ᠳᠤᠮᠳᠠ ᠪᠠᠨ ᠠᠰᠠᠭᠤᠳᠠᠯ ᠳᠤᠯᠭᠠᠷᠠᠬᠤ ᠦᠶᠡᠰ ᠲᠤ ᠬᠡᠷᠬᠢᠨ ᠬᠢᠬᠦ ᠳᠤ ᠰᠡᠩᠭᠡᠷᠡᠭᠦᠯᠥᠯ | ᠤᠯᠭᠤᠭᠰᠠᠨ ᠪᠠᠶᠢᠨ᠎ᠠ᠃ |