9 ᠰᠠᠷ᠎ᠠ ᠶᠢᠨ 14 ᠤ ᠡᠳᠦᠷ • ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠩᠭᠤᠯ | ᠰᠤᠷᠭᠠᠭᠤᠯᠢ ᠶᠢᠨ 2020 ᠤᠨ ᠤ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠶᠣᠰᠣᠯᠠᠯ ᠮᠣᠩᠭᠤᠯ | ᠰᠤᠷᠭᠠᠭᠤᠯᠢ ᠶᠢᠨ ᠲᠠᠮᠢᠷ ᠤᠨ ᠲᠠᠯᠠᠪᠤᠷ ᠲᠤ ᠶᠠᠪᠤᠭᠳᠠᠵᠤ᠂ ᠪᠦᠬᠦ ᠪᠠᠭᠰᠢ ᠰᠤᠷᠤᠭᠴᠢᠳ ᠣᠷᠣᠯᠴᠠᠭᠰᠠᠨ ᠪᠠᠶᠢᠨ᠎ᠠ᠃ | ᠶᠣᠰᠣᠯᠠᠯ ᠨᠢ ᠲᠥᠪ ᠴᠢᠩᠭ᠎ᠠ ᠤᠯᠤᠰ ᠤᠨ ᠳᠤᠭ ᠮᠠᠨᠳᠤᠭᠤᠯᠬᠤ ᠪᠠᠷ ᠬᠥᠰᠢᠭᠡ ᠪᠠᠨ ᠰᠡᠭᠦᠵᠦ᠂ ᠰᠢᠨ᠎ᠡ | ᠬᠥᠷᠥᠯᠴᠡᠨ ᠢᠷᠡᠭᠰᠡᠨ ᠨᠢᠭᠡᠳᠦᠭᠡᠷ ᠣᠨ ᠤ ᠪᠢᠴᠢᠬᠠᠨ ᠨᠥᠬᠦᠳ ᠪᠠ ᠠᠩᠬ᠎ᠠ ᠨᠢᠭᠡᠳᠦᠭᠡᠷ ᠣᠨ ᠤ | ᠰᠤᠷᠤᠭᠴᠢᠳ ᠢᠶᠠᠨ ᠪᠠᠶᠠᠷᠯᠠᠨ ᠤᠭᠳᠤᠵᠤ᠂ ᠲᠤᠰ ᠬᠤᠶᠠᠷ ᠣᠨ ᠤ ᠪᠠᠭᠰᠢ ᠶᠢᠨ ᠲᠥᠯᠥᠭᠡᠯᠡᠭᠴᠢ ᠠᠴᠠ ᠶᠠᠷᠢᠶ᠎ᠠ | ᠲᠠᠯᠪᠢᠨ᠂ ᠰᠤᠷᠤᠭᠴᠢᠳ ᠢᠶᠠᠨ ᠡᠬᠡ ᠤᠯᠤᠰ᠂ ᠡᠬᠡ ᠰᠤᠷᠭᠠᠭᠤᠯᠢ ᠪᠠᠨ ᠬᠠᠶᠢᠷᠠᠯᠠᠨ ᠬᠠᠮᠠᠭᠠᠯᠠᠵᠤ᠂ ᠡᠷᠳᠡᠮ ᠤᠨ ᠵᠠᠮ | ᠮᠥᠷ ᠢᠶᠠᠷ ᠮᠡᠷᠡᠶᠢᠨ ᠠᠯᠬᠤᠬᠤ ᠶᠢ ᠵᠤᠷᠢᠭᠵᠢᠭᠤᠯᠪᠠ᠃ | ᠤᠯᠤᠰ ᠤᠨ ᠨᠢᠭᠡᠳᠦᠯᠲᠡᠢ ᠲᠣᠬᠢᠷᠠᠭᠤᠯᠭ᠎ᠠ ᠶᠣᠰᠣᠭᠠᠷ᠂ ᠮᠠᠨ ᠤ ᠣᠷᠣᠨ 2020 ᠣᠨ ᠠᠴᠠ ᠡᠬᠢᠯᠡᠨ | ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠤ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠨ᠎ᠡ᠃ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠰᠤᠷᠬᠤ ᠪᠠ ᠡᠵᠡᠮᠰᠢᠬᠦ ᠪᠠᠷ ᠳᠡᠮᠵᠢᠵᠦ᠂ ᠴᠢᠨᠠᠷ ᠰᠠᠶᠢᠲᠠᠶ ᠰᠤᠷᠭᠠᠭᠤᠯᠢ ᠶᠢᠨ | ᠰᠤᠷᠭᠠᠨ ᠬᠥᠮᠦᠵᠢᠯ ᠢ ᠬᠦᠷᠲᠡᠬᠦ ᠪᠣᠯ ᠦᠨᠳᠦᠰᠦᠲᠡᠨ ᠨᠥᠬᠦᠳ ᠤᠨ ᠣᠳᠣᠬᠢᠴᠢᠯᠠᠯᠲᠠ ᠶᠢᠨ ᠵᠠᠮ ᠳᠡᠭᠡᠷ᠎ᠡ ᠭᠠᠷ | ᠬᠤᠯᠪᠣᠨ ᠤᠷᠤᠭᠰᠢᠯᠠᠵᠤ᠂ ᠬᠠᠮᠲᠤ ᠪᠠᠷ ᠴᠡᠴᠡᠭᠯᠡᠨ ᠬᠥᠭᠵᠢᠭᠦ ᠶᠢ ᠪᠡᠶᠡᠯᠡᠭᠦᠯᠬᠦ ᠴᠢᠬᠤᠯᠠ ᠵᠠᠮ ᠮᠥᠨ᠃ ᠮᠠᠨ ᠤ | ᠬᠤᠰᠢᠭᠤᠨ ᠤ ᠮᠣᠩᠭᠤᠯ ᠰᠤᠷᠭᠠᠭᠤᠯᠢ ᠶᠢᠨ ᠰᠤᠷᠤᠭᠴᠢᠳ ᠴᠤ ᠶᠠᠭ ᠰᠠᠶᠢᠬᠠᠨ ᠰᠢᠨ᠎ᠡ ᠵᠢᠭᠠᠬᠤ ᠮᠠᠲ᠋ᠧᠷᠢᠶᠠᠯ ᠢᠶᠠᠨ | ᠲᠤᠰᠴᠤ᠂ ᠡᠨᠡᠬᠦ ᠬᠤᠣᠰ ᠬᠡᠯᠡᠨ ᠤ ᠰᠤᠷᠭᠠᠨ ᠬᠥᠮᠦᠵᠢᠯ ᠢ ᠰᠠᠶᠢᠲᠤᠷ ᠰᠤᠷᠤᠯᠴᠠᠵᠤ ᠨᠠᠩ ᠴᠢᠨᠠᠷ ᠰᠠᠶᠢᠳᠠᠢ | ᠬᠥᠮᠦᠵᠢᠯ ᠢ ᠬᠦᠷᠲᠡᠬᠦ ᠪᠠᠷ ᠪᠣᠶ᠃ | ᠰᠤᠷᠭᠠᠭᠤᠯᠢ ᠶᠢᠨ ᠬᠦᠷᠢᠶ᠎ᠡ ᠪᠣᠯ ᠮᠡᠳᠡᠯᠭᠡ ᠬᠥᠮᠦᠵᠢ ᠢ ᠬᠤᠷᠠᠮᠳᠤᠭᠤᠯᠤᠭᠰᠠᠨ ᠡᠷᠳᠡᠮ ᠤᠨ ᠳᠠᠯᠠᠢ᠂ ᠬᠡᠥᠬᠡᠳ | ᠪᠣᠯ ᠰᠣᠶᠣᠯ ᠰᠤᠷᠭᠠᠨ ᠬᠥᠮᠦᠵᠢᠯ ᠤᠨ ᠤᠯᠠ ᠮᠥᠷ ᠢ ᠮᠥᠷᠲᠡᠭᠴᠢ᠂ ᠰᠤᠷᠭᠠᠭᠤᠯᠢ ᠶᠢᠨ ᠬᠦᠷᠢᠶ᠎ᠡ ᠨᠢ ᠬᠡᠦᠬᠡᠳ ᠤᠨ | ᠨᠤᠮ ᠪᠢᠴᠢᠭ ᠤᠩᠰᠢᠬᠤ ᠳᠠᠭᠤᠨ ᠪᠠ ᠨᠠᠭᠠᠳᠤᠨ ᠲᠣᠭᠯᠠᠬᠤ ᠳᠠᠭᠤᠨ ᠢᠶᠠᠷ ᠠᠮᠢᠯᠠᠳᠠᠭ ᠪᠣᠯ ᠨᠠᠯᠠᠭᠠᠷ ᠨᠠᠮᠤᠷ ᠤᠨ | ᠥᠨᠥᠳᠦᠷ ᠤᠨ ᠮᠣᠩᠭᠤᠯ ᠰᠤᠷᠭᠠᠭᠤᠯᠢ ᠶᠢᠨ ᠬᠦᠷᠢᠶ᠎ᠡ ᠨᠡᠷᠡᠨ ᠤ ᠠᠯᠲᠠᠨ ᠭᠢᠯᠪᠠᠭ᠎ᠠ ᠰᠠᠴᠤᠷᠠᠵᠤ᠂ ᠨᠠᠮᠤᠭᠤᠬᠠᠨ | ᠪᠠᠶᠢᠭᠰᠠᠨ ᠬᠢᠴᠢᠶᠡᠯ ᠤᠨ ᠥᠷᠥᠭᠡ ᠠᠮᠢᠵᠢᠷᠠᠯ ᠤᠨ ᠬᠦᠴᠦᠨ ᠢᠶᠠᠷ ᠪᠢᠯᠬᠠᠪᠠ᠃ | | | | | | | | | | | |