9 ᠰᠠᠷ᠎ᠠ ᠶᠢᠨ 23 ᠤ ᠡᠳᠦᠷ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠵᠤ᠂ ᠬᠤᠶᠢᠰᠢᠳᠠ ᠶᠢᠨ ᠦᠨᠳᠦᠰᠦᠲᠡᠨ ᠤ ᠠᠵᠢᠯ ᠳᠤ | ᠪᠠᠶᠢᠷᠢᠯᠠᠭᠤᠯᠤᠯᠳᠠ ᠬᠢᠬᠦ ᠵᠣᠷᠢᠯᠭ᠎ᠠ ᠠᠴᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 37 ᠳ᠋ᠤᠭᠠᠷ | ᠤᠳᠠᠭᠠᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠠᠷ᠎ᠠ ᠶᠢᠨ ᠠᠵᠢᠯᠯᠠᠭᠠᠨ ᠤ ᠡᠬᠢᠯᠡᠯᠲᠡ ᠶᠢᠨ | ᠶᠣᠰᠣᠯᠠᠯ ᠢ ᠬᠤᠰᠢᠭᠤᠨ ᠤ ᠬᠤᠷᠠᠯ ᠤᠨ ᠶᠠᠪᠤᠳᠠᠯ ᠤᠨ ᠲᠥᠪ ᠲᠤ ᠶᠠᠪᠤᠭᠳᠠᠭᠤᠯᠵᠤ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠪᠠᠶ ᠵᠢᠶᠦ᠋ᠨ᠂ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠠᠷᠢᠭᠤᠴᠠᠯᠭᠠᠲᠠᠨ ᠵᠢᠴᠢ ᠡᠯ᠎ᠡ ᠰᠤᠮᠤ ᠰᠢᠶᠠᠩ ᠪᠠᠯᠭᠠᠰᠤᠨ ᠤ | ᠬᠠᠮᠢᠶ᠎ᠠ ᠪᠦᠬᠦᠢ ᠬᠠᠷᠢᠭᠤᠴᠠᠯᠭᠠᠲᠠᠳ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠶᠣᠰᠣᠯᠠᠯ ᠢ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠡᠷᠳᠡᠨᠢᠰᠡᠩ ᠡᠷᠬᠢᠯᠡᠪᠡ᠃ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠪᠠᠢ ᠵᠢᠶᠦ᠋ᠨ ︽ᠡᠯ᠎ᠡ ᠰᠠᠯᠠᠭ᠎ᠠ ᠮᠥᠴᠢᠷ᠂ ᠡᠯ᠎ᠡ | ᠬᠡᠯᠲᠡᠰ ᠤᠨ ᠬᠢᠨ ᠵᠠᠪᠠᠯ ᠦᠨᠳᠦᠰᠦᠲᠡᠨ ᠤ ᠠᠵᠢᠯ ᠳᠠᠬᠢ ᠤᠯᠤᠰ ᠲᠥᠷᠥ ᠶᠢᠨ ᠬᠠᠷᠢᠭᠤᠴᠠᠯᠭᠠᠲᠤ ᠣᠪᠣᠷ ᠪᠣᠯᠤᠨ | ᠲᠡᠤᠬᠡᠲᠦ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠪᠥᠬᠦ ᠲᠠᠯ᠎ᠠ ᠶᠢᠨ ᠠᠮᠤᠷ ᠲᠣᠭᠲᠠᠭᠤᠨ ᠢ ᠪᠠᠲᠤᠯᠠᠨ᠂ | ᠡᠯ᠎ᠡ ᠦᠨᠳᠦᠰᠦᠲᠡᠨ ᠤ ᠠᠷᠠᠳ ᠲᠦᠮᠡᠨ ᠤ ᠬᠤᠭᠤᠷᠣᠨᠳᠣᠬᠢ ᠬᠠᠷᠢᠴᠠᠭ᠎ᠠ ᠵᠢᠴᠢ ᠦᠨᠳᠦᠰᠦᠲᠡᠨ ᠤ ᠠᠵᠢᠯ ᠢ | ᠰᠠᠶᠢᠳᠣᠷ ᠬᠢᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠶ᠃ ᠨᠠᠮ ᠤᠨ | ᠦᠨᠳᠦᠰᠦᠲᠡᠨ ᠤ ᠠᠵᠢᠯ ᠳᠠᠬᠢ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠲᠦᠮᠡᠨ ᠲᠠᠢ | ᠨᠢᠭᠲᠠ ᠬᠠᠷᠢᠯᠴᠠᠨ᠂ ᠦᠨᠳᠦᠰᠦᠲᠡᠨ ᠤ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠦᠨᠳᠦᠰᠦᠲᠡᠨ ᠤ | ᠠᠵᠢᠯ ᠤᠨ ᠡᠩᠨᠡᠭᠡᠨ ᠤ ᠪᠦᠲᠦᠭᠡᠨ ᠪᠠᠶᠢᠭᠤᠯᠤᠯᠳᠡ ᠶᠢ ᠠᠬᠢᠭᠤᠯᠤᠨ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ | ᠠᠷᠠᠳ ᠲᠦᠮᠡᠨ ᠲᠠᠢ ᠨᠢᠭᠲᠠ ᠬᠠᠷᠢᠯᠴᠠᠨ᠂ ᠦᠨᠳᠦᠰᠦᠲᠡᠨ ᠤ ᠠᠵᠢᠯ ᠢ ᠰᠢᠨ᠎ᠡ ᠨᠢᠭᠡᠨ ᠱᠠᠲᠤᠨ ᠳᠤ ᠲᠦᠯᠬᠢᠨ | ᠠᠬᠢᠭᠤᠯᠬᠤ ᠬᠡᠷᠡᠭᠲᠡᠶ︾ ᠭᠡᠵᠦ ᠱᠠᠭᠠᠷᠳᠠᠭᠰᠠᠨ ᠪᠠᠶᠢᠨ᠎ᠠ᠃ | ᠲᠡᠷᠡ ᠪᠠᠰᠠ ᠡᠯ᠎ᠡ ᠱᠠᠲᠤᠨ ᠤ ᠺᠠᠳ᠋ᠷᠴᠤᠳ ᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠨᠠᠮ ᠤᠨ ᠡᠯ᠎ᠡ ᠲᠥᠷᠥᠯ ᠤᠨ ᠰᠢᠢᠳᠪᠥᠷᠢᠳᠥ ᠪᠠᠶᠢᠷᠢᠯᠠᠭᠤᠯᠤᠯᠳᠠ ᠶᠢ ᠡᠷᠡᠰ ᠭᠤᠶᠢᠪᠠᠰᠢ ᠦᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠤᠬᠠᠭᠤᠯᠬᠤ ᠬᠥᠮᠦᠵᠢᠯ ᠢᠶᠠᠨ ᠴᠢᠩᠭᠠᠳᠬᠠᠨ᠂ ᠪᠣᠳᠠᠲᠤ ᠦᠢᠯᠡ ᠠᠵᠢᠯᠯᠠᠭ᠎ᠠ ᠪᠠᠷ ᠢᠶᠠᠨ | ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤᠳᠬᠠᠵᠤ᠂ ᠳᠠᠪᠠᠭᠤᠯᠢᠭ ᠢᠶᠠᠨ | ᠪᠠᠳᠠᠷᠠᠭᠤᠯᠤᠨ᠂ ᠣᠯᠠᠨ ᠲᠦᠮᠡᠨ ᠤ ᠠᠵᠢᠯ ᠢ ᠰᠠᠶᠢᠳᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ | ᠬᠦᠴᠦᠨ ᠢ ᠴᠢᠩᠭᠠᠳᠬᠠᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃ | ᠡᠬᠢᠯᠡᠯᠲᠡ ᠶᠢᠨ ᠶᠣᠰᠣᠯᠠᠯ ᠳᠡᠭᠡᠷ᠎ᠡ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ | ᠬᠡᠯᠲᠡᠰ ᠤᠨ ᠲᠧᠩ ᠢ ᠵᠢᠶᠦ᠋ᠨ ᠨᠥᠬᠦᠷ ᠠᠴᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ | ᠲᠣᠭᠤᠷᠢᠨ ᠳᠤ ᠳᠠᠶᠢᠯᠤᠮᠵᠢ ᠬᠢᠵᠦ᠂ ᠡᠯ᠎ᠡ ᠱᠠᠲᠤᠨ ᠤ ᠺᠠᠳ᠋ᠷᠴᠤᠳ ᠲᠤ ᠨᠠᠮ ᠤᠨ ᠦᠨᠳᠦᠰᠦᠲᠡᠨ ᠤ ᠲᠥᠷᠥ ᠶᠢᠨ | ᠪᠣᠳᠣᠯᠭ᠎ᠠ ᠶᠢ ᠨᠠᠩ ᠭᠦᠨᠵᠡᠭᠡᠶ ᠣᠶᠢᠯᠠᠭᠠᠭᠤᠯᠤᠨ᠂ ᠮᠥᠨ ᠴᠥ ᠳᠡᠳᠡᠨ ᠤ ᠬᠤᠶᠢᠰᠢᠳᠡ ᠶᠢᠨ ᠠᠵᠢᠯ ᠢᠶᠠᠨ | ᠦᠢᠯᠡᠳᠥᠯᠭᠡᠵᠢᠭᠦᠯᠭᠦ ᠳᠤ ᠤᠨᠤᠯ ᠤᠨ ᠵᠢᠯᠤᠭᠤᠳᠤᠯᠭ᠎ᠠ ᠪᠤᠯᠬᠤ ᠶᠤᠮ᠃ |