ᠳᠠᠷᠬᠠᠨ ᠮᠣᠣᠮᠢᠩᠭᠠᠨ ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠡ᠂ ᠨᠡᠶᠢᠭᠡᠮ ᠳᠤᠭᠤᠷᠢᠭ ᠤᠨ ᠬᠢᠨ ᠡᠷᠥᠬᠡ ᠳᠤ ᠭᠥᠨᠵᠡᠭᠡᠶᠢᠷᠡᠵᠥ ᠨᠠᠮ ᠤᠨ ᠬᠠᠶᠢᠷ᠎ᠠ ᠬᠠᠯᠠᠮᠵᠢ ᠶᠢ ᠬᠥᠷᠭᠡᠭᠰᠡᠨ
ᠨᠡᠶᠢᠲᠡᠯᠡᠭᠰᠡᠨ ᠴᠠᠭ᠄
2020/9/29
     ᠤᠯᠤᠰ ᠤᠨ ᠪᠠᠶᠡᠷ᠂ ᠳᠡᠷᠭᠡᠯ ᠰᠠᠷ᠎ᠠ ᠶᠢᠨ ᠪᠠᠶᠠᠷ ᠬᠥᠷᠴᠥ ᠢᠷᠡᠭᠦ ᠳᠠᠰᠢᠷᠠᠮ ᠢᠶᠠᠷ᠂ ᠮᠠᠨ ᠤ ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠡ᠂ ᠨᠡᠶᠢᠭᠡᠮ ᠳᠤᠭᠤᠷᠢᠭ ᠠᠴᠠ ᠨᠠᠰᠤᠳᠠᠶᠢᠴᠣᠳ ᠤᠨ ᠠᠰᠠᠷᠠᠮᠵᠢ ᠶᠢᠨ ᠬᠥᠷᠢᠶᠠᠯᠡᠩ ᠪᠠ ᠬᠤᠰᠢᠭᠤᠨ ᠳᠤ ᠰᠠᠭᠤᠭ᠎ᠠ ᠭᠠᠭᠴᠠ ᠪᠠᠶ᠎ᠡ ᠨᠠᠰᠣᠳᠠᠶᠢᠴᠤᠤᠯ ᠵᠢᠴᠢ ᠶᠠᠳᠠᠭᠤ ᠬᠥᠴᠢᠷᠳᠡᠯᠳᠡᠢ ᠰᠤᠷᠤᠭᠴᠢ ᠶᠢᠨ ᠭᠡᠷ ᠪᠥᠯᠢ ᠳᠤ ᠪᠠᠶᠠᠷ ᠤᠨ ᠡᠳᠥᠷ ᠤᠨ ᠳᠤᠬᠤᠨᠢᠭᠤᠯᠭ᠎ᠠ ᠶᠢᠨ ᠡᠳ᠋ ᠪᠤᠳᠠᠰ ᠪᠠ ᠵᠤᠭᠤᠰ ᠮᠥᠩᠭᠦ ᠭᠥᠷᠭᠡᠵᠥ᠂ ᠳᠡᠳᠡᠨ  ᠳᠤ ᠨᠠᠮ ᠪᠠ ᠵᠠᠰᠠᠭ ᠤᠨ ᠤᠷᠳᠥᠨ ᠤ ᠬᠠᠶᠢᠷ᠎ᠠ ᠬᠠᠯᠠᠮᠵᠢ ᠶᠢ ᠬᠥᠷᠳᠡᠭᠡᠭᠰᠡᠨ ᠪᠠᠶᠢᠨ᠎ᠠ᠃      ᠡᠷᠥᠭᠡ ᠳᠤ ᠬᠥᠷᠬᠦ ᠪᠤᠯᠭᠠᠨ ᠳᠡᠳᠡ ᠨᠠᠰᠤᠳᠠᠶᠢᠴᠤᠤᠯ ᠪᠠ ᠶᠠᠳᠠᠭᠤ ᠬᠥᠴᠢᠷᠳᠡᠯᠳᠡᠢ ᠰᠤᠷᠤᠭᠴᠢ ᠶᠢᠨ ᠭᠡᠷ ᠤᠨ ᠪᠠᠶᠢᠳᠠᠯ ᠪᠠ ᠪᠠᠶ᠎ᠡ ᠮᠠᠬᠠᠪᠤᠳ ᠤᠨ ᠳᠠᠯ᠎ᠠ ᠪᠠᠷ ᠠᠰᠠᠭᠤᠨ ᠯᠠᠪᠯᠠᠵᠤ᠂ ᠳᠡᠳᠡᠨ ᠤ ᠠᠵᠢᠯ ᠠᠮᠢᠳᠣᠷᠠᠯ ᠠᠯᠢᠪᠠ ᠪᠥᠭᠦᠨ  ᠳᠡᠭᠡᠨ ᠤᠯᠠᠮ ᠰᠢᠮᠳᠠᠨ ᠴᠢᠷᠮᠠᠶᠢᠵᠤ᠂ ᠥᠪᠡᠷ ᠤᠨ ᠥᠷᠳᠡᠭ ᠢᠶᠠᠨ ᠵᠥᠪ ᠪᠠᠳᠠᠷᠠᠭᠤᠯᠬᠤ ᠶᠢ ᠵᠤᠷᠢᠭᠵᠢᠭᠤᠯᠤᠨ᠂ ᠳᠣᠮᠳᠠᠳᠥ ᠶᠢᠨ ᠥᠨᠳᠥᠰᠥᠳᠡᠨ ᠤ ᠨᠠᠰᠣᠳᠠᠶᠢᠴᠤᠤᠯ ᠢᠶᠠᠨ ᠬᠠᠯᠠᠮᠵᠢᠯᠠᠬᠤ ᠤᠯᠠᠮᠵᠢᠯᠠᠯᠳᠥ ᠡᠷᠬᠢᠮ ᠰᠣᠷᠳᠠᠯ ᠢ ᠪᠠᠳᠠᠷᠠᠭᠤᠯᠤᠭᠰᠠᠨ ᠪᠠᠶᠢᠨ᠎ᠠ᠃      ᠳᠡᠮᠵᠢᠯᠭᠡ ᠶᠢᠨ ᠬᠠᠯᠠᠭᠤᠨ ᠬᠠᠶᠢᠷ᠎ᠠ ᠪᠠᠷ ᠵᠤᠷᠢᠭᠵᠢᠭᠰᠡᠨ ᠭᠠᠭᠴᠠ ᠪᠠᠶ᠎ᠡ ᠨᠠᠰᠣᠳᠠᠶᠢᠴᠤᠤᠯ ᠪᠠ ᠶᠠᠳᠠᠭᠤ ᠬᠥᠴᠢᠷᠳᠡᠯᠳᠡᠢ ᠰᠤᠷᠤᠭᠴᠢᠳ ᠨᠠᠮ ᠪᠠ ᠵᠠᠰᠠᠭ ᠤᠨ ᠳᠣᠶᠠᠭᠠᠯᠠᠯ ᠳᠣᠣᠷ᠎ᠠ ᠯᠠᠪᠳᠠᠢ ᠴᠢᠷᠮᠠᠶᠢᠨ ᠠᠵᠢᠯᠯᠠᠵᠤ ᠰᠤᠷᠤᠯᠴᠠᠨ᠂ ᠪᠡᠶ᠎ᠡ ᠪᠠᠨ ᠳᠠᠭᠠᠭᠠᠵᠤ ᠠᠮᠢᠳᠤᠷᠠᠯ ᠢᠶᠠᠨ ᠡᠷᠭᠦᠭᠰᠡᠨ ᠬᠥᠮᠥᠨ ᠪᠤᠯᠬᠤ ᠪᠠᠷ ᠴᠢᠷᠮᠠᠶᠢᠨ᠎ᠠ ᠭᠡᠵᠥ ᠢᠯᠡᠷᠬᠡᠶᠢᠯᠡᠵᠡᠢ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号