ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠮᠤᠩᠭᠤᠯ ᠥᠨᠳᠥᠰᠥᠳᠡᠨ ᠤ ᠰᠤᠷᠭᠠᠭᠤᠯᠢ ᠨᠢ ᠤᠯᠤᠰ  ᠤᠨ ᠳᠤᠭ ᠢᠶᠠᠨ ᠤᠶᠢᠯᠠᠭᠠᠬᠤ ᠭᠤᠤᠯ ᠰᠡᠳᠥᠪᠳᠥ ᠠᠩᠬᠢ ᠶᠢᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2020/9/29
     ᠤᠯᠤᠰ ᠤᠨ ᠪᠠᠶᠠᠷ ᠬᠥᠷᠴᠥ ᠢᠷᠡᠭᠦ ᠳᠠᠰᠢᠷᠠᠮ ᠢᠶᠠᠷ᠂  ᠳᠠᠷᠬᠠᠨ ᠮᠤᠤᠮᠢᠩᠭᠠᠨ ᠬᠤᠯᠪᠤᠭᠠᠳᠥ ᠬᠤᠰᠢᠭᠤᠨ ᠤ ᠮᠤᠩᠭᠤᠯ ᠥᠨᠳᠥᠰᠥᠳᠡᠨ ᠤ ᠰᠤᠷᠭᠠᠭᠤᠯᠢ ᠶᠢᠨ ᠶᠢᠰᠥᠳᠥᠭᠡᠷ ᠤᠨ ᠨᠢ ︽ᠳᠤᠮᠳᠠᠳᠥ ᠶᠢᠨ ᠡᠯ᠎ᠡ ᠥᠨᠳᠥᠰᠥᠳᠡᠨ ᠤ ᠪᠥᠯᠭᠦᠮᠳᠡᠯ ᠢ ᠠᠬᠢᠭᠤᠯᠵᠤ ᠰᠠᠨᠠᠭ᠎ᠠ ᠨᠢᠭᠡᠳᠥᠨ ᠳᠤᠮᠳᠠᠳᠥ ᠶᠢᠨ ᠬᠥᠰᠡᠯᠡᠩ ᠢᠶᠠᠨ ᠴᠤᠭᠴᠠᠯᠠᠬᠤ︾ ᠭᠤᠤᠯ ᠰᠡᠳᠥᠪᠳᠥ ᠠᠩᠬᠢ ᠶᠢᠨ ᠬᠤᠷᠠᠯ ᠢ ᠶᠠᠪᠤᠭᠳᠠᠭᠤᠯᠪᠠ᠃      ᠠᠩᠭᠢ ᠶᠢᠨ ᠬᠤᠷᠠᠯ ᠨᠢ ᠰᠤᠷᠤᠭᠴᠢᠳ ᠲᠤ ᠳᠣᠮᠳᠠᠳᠥ ᠤᠯᠤᠰ ᠤᠨ ᠤᠯᠤᠰ ᠤᠨ ᠳᠤᠭ ᠤᠨ ᠢᠷᠡᠯᠳᠡ ᠶᠢᠨ ᠳᠣᠬᠠᠢ ᠳᠠᠨᠢᠯᠴᠠᠭᠤᠯᠬᠤ᠂ ᠤᠯᠤᠰ ᠤᠨ ᠳᠤᠭ ᠤᠨ ᠳᠣᠬᠠᠢ ᠬᠠᠮᠢᠶ᠎ᠠ ᠪᠥᠭᠦᠢ ᠬᠠᠤᠯᠢ ᠳᠤᠭᠳᠠᠭᠠᠯ ᠢ ᠤᠶᠢᠯᠠᠭᠠᠭᠤᠯᠬᠤ ᠂ ᠤᠯᠤᠰ ᠢᠶᠠᠨ ᠬᠠᠶᠢᠷᠠᠯᠠᠵᠤ᠂ ᠤᠯᠤᠰ ᠤᠨ ᠳᠠᠭᠤᠤ ᠪᠠᠨ ᠬᠠᠮᠳᠣᠪᠠᠷ ᠳᠠᠭᠤᠯᠠᠬᠤ ᠪᠠᠷ ᠭᠤᠤᠯ ᠵᠤᠷᠢᠯᠭ᠎ᠠ ᠪᠠᠨ ᠪᠤᠯᠭᠠᠵᠤ᠂ ᠰᠤᠷᠭᠠᠭᠤᠯᠢ ᠶᠢᠨ ᠪᠠᠭᠰᠢ ᠮᠡᠷᠭᠡᠨ ᠠᠴᠠ ᠳᠡᠭᠡᠷᠡᠭᠢ ᠠᠭᠤᠯᠭ᠎ᠠ ᠶᠢ ᠰᠢᠰᠲ᠋ᠧᠮ ᠲᠠᠢ ᠳᠠᠶᠢᠯᠪᠤᠷᠢᠯᠠᠵᠤ ᠥᠭᠪᠡ᠃ ᠳᠠᠷᠠᠭ᠎ᠠ ᠨᠢ ᠪᠠᠰᠠ ᠰᠤᠷᠤᠭᠴᠢᠳ ᠲᠤ ᠪᠡᠭᠡᠵᠢᠩ ᠤᠨ ᠲᠢᠶᠠᠨ ᠠᠨ ᠮᠧᠨ ᠳᠠᠯᠠᠪᠠᠢ ᠳᠠᠬᠢ ᠳᠤᠭ ᠮᠠᠨᠳᠣᠭᠤᠯᠬᠤ ᠶᠤᠰᠤᠯᠠᠯ ᠢ ᠬᠠᠷᠠᠭᠠᠨ ᠳᠠᠪᠳᠠᠮᠵᠢ ᠪᠠᠷ ᠥᠵᠡᠭᠦᠯᠵᠥ᠂ ᠮᠤᠩᠭᠤᠯ ᠰᠣᠷᠭᠠᠭᠤᠯᠢ ᠶᠢᠨ ᠤᠯᠤᠰ ᠤᠨ ᠳᠤᠭ ᠤᠨ ᠠᠩᠬᠢ ᠶᠢᠨ ᠥᠩᠭᠡᠷᠡᠭᠰᠡᠨ ᠵᠢᠯ ᠠᠴᠠ ᠤᠳᠥ ᠪᠤᠯᠳᠠᠯᠡᠬᠢ ᠳᠤᠯᠤᠭᠠᠨ ᠬᠤᠭᠤᠴᠠᠭᠠᠨ ᠤ ᠵᠢᠷᠤᠭ ᠰᠡᠭᠦᠳᠡᠷ  ᠢ ᠳᠡᠯᠭᠡᠨ ᠥᠵᠡᠭᠦᠯᠵᠥ᠂ ᠬᠠᠮᠤᠭ ᠰᠡᠭᠦᠯ ᠳᠤ ᠪᠥᠭᠦᠳᠡᠭᠡᠷ ᠳᠥᠪ ᠵᠤᠭᠰᠤᠵᠤ ᠤᠯᠤᠰ ᠤᠨ ᠳᠠᠭᠤᠤ ᠪᠠᠨ ᠳᠠᠭᠤᠯᠠᠵᠤ ᠤᠳᠬ᠎ᠠ ᠠᠭᠤᠯᠭ᠎ᠠ ᠪᠥᠭᠦᠢ ᠬᠢᠴᠢᠶᠡᠯ ᠢᠶᠠᠨ ᠳᠠᠭᠤᠰᠬᠠᠭᠰᠠᠨ ᠪᠠᠶᠢᠨ᠎ᠠ᠃      ᠳᠣᠰ ᠤᠳᠠᠭᠠᠨ ᠤ ᠰᠡᠳᠥᠪᠳᠥ ᠠᠩᠬᠢ ᠶᠢᠨ ᠬᠤᠷᠠᠯ ᠨᠢ ᠶᠢᠰᠥᠳᠥᠭᠡᠷ ᠤᠨ ᠤ ᠤᠯᠤᠰ ᠤᠨ ᠳᠤᠭ ᠤᠨ ᠬᠠᠮᠢᠶ᠎ᠠ ᠪᠥᠭᠦᠢ ᠮᠡᠳᠡᠯᠭᠡ ᠶᠢ ᠭᠥᠨ ᠭᠥᠨᠵᠡᠭᠡᠢ ᠤᠶᠢᠯᠠᠭᠠᠭᠤᠯᠤᠭᠰᠠᠨ ᠢᠶᠠᠷ ᠪᠠᠷᠠᠬᠤ ᠦᠭᠡᠢ ᠳᠡᠳᠡᠨ ᠤ ᠤᠯᠤᠰ ᠢᠶᠠᠨ ᠬᠠᠶᠢᠷᠠᠯᠠᠬᠤ ᠥᠵᠡᠯ ᠤᠬᠠᠮᠰᠠᠷ ᠢ ᠨᠢ ᠨᠡᠩ ᠴᠢᠩᠭ᠎ᠠ ᠪᠤᠯᠭᠠᠭᠰᠠᠨ ᠪᠠᠶᠢᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号