ᠮᠣᠩᠭᠣᠯ ᠦᠨᠳᠦᠰᠦᠲᠡᠨ ᠦ ᠬᠡᠦᠬᠡᠳ ᠦᠨ ᠴᠡᠴᠡᠷᠯᠢᠭ ᠤᠯᠤᠰ ᠤᠨ ᠪᠠᠶᠠᠷ ᠢᠶᠠᠨ ᠤᠭᠲᠤᠬᠤ ᠬᠥᠳᠡᠯᠭᠡᠭᠡᠨ ᠶᠠᠪᠤᠭᠳᠠᠭᠤᠯᠤᠭᠰᠠᠨ
ᠨᠡᠶᠢᠲᠡᠯᠡᠭᠰᠡᠨ ᠴᠠᠭ᠄
2020/9/29
     9 ᠰᠠᠷ᠎ᠠ ᠶᠢᠨ 29 ᠤ ᠡᠳᠦᠷ᠂ ᠬᠤᠰᠢᠭᠤᠨ ᠤ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠤᠯᠤᠰ ᠤᠨ ᠪᠠᠶᠠᠷ ᠢᠶᠠᠨ ᠤᠭᠲᠤᠵᠤ᠂ ᠪᠦᠬᠦ ᠠᠩᠭᠢ ᠶᠢᠨ ᠬᠡᠦᠬᠡᠳ ᠤᠳ ᠬᠠᠮᠲᠤᠪᠠᠷ ᠬᠤᠪᠢᠰᠬᠠᠯ ᠤᠨ ᠳᠠᠭᠤᠤ ᠳᠠᠭᠤᠯᠠᠬᠤ ᠲᠣᠭᠯᠠᠯᠲᠠ ᠪᠠᠨ ᠶᠠᠪᠤᠭᠳᠠᠭᠤᠯᠪᠠ᠃      ᠲᠣᠭᠯᠠᠯᠲᠠ ᠨᠢ ᠪᠦᠬᠦ ᠬᠡᠦᠬᠡᠳ ᠤᠳ ᠲᠥᠪ ᠵᠣᠭᠰᠣᠵᠤ ᠤᠯᠤᠰ ᠤᠨ ᠳᠠᠭᠤᠤ ᠪᠠᠨ ᠳᠠᠭᠤᠯᠠᠬᠤ ᠪᠠᠷ ᠬᠥᠰᠢᠭᠡ ᠪᠠᠨ ᠰᠡᠭᠦᠵᠦ᠂ ᠮᠣᠩᠭᠤᠯ ᠶᠡᠭᠡ ᠨᠢᠭᠡᠳᠦᠭᠡᠷ ᠠᠩᠭᠢ ᠨᠢ ︽ᠡᠬᠡ ᠤᠯᠤᠰ ᠰᠠᠶᠢᠬᠠᠨ︾᠂ ᠨᠢᠭᠡᠳᠦᠭᠡᠷ ᠪᠠᠭ᠎ᠠ ᠠᠩᠭᠢ ᠨᠢ ︽ᠯᠧᠢ ᠹᠸᠡᠭ ᠠᠴᠠ  ᠲᠠᠭᠠᠨ ᠰᠤᠷᠤᠯᠴᠠᠶ᠎ᠠ︾᠂ ᠬᠤᠶᠠᠳᠤᠭᠠᠷ ᠪᠠᠭ᠎ᠠ ᠠᠩᠭᠢ ᠨᠢ ︽ᠪᠢ ᠪᠡᠭᠡᠵᠢᠩ ᠤᠨ ᠲᠢᠶᠠᠨ ᠠᠨ ᠮᠧᠨ ᠳᠡᠭᠡᠨ ᠬᠠᠶᠢᠷᠠᠲᠠᠶ︾ ᠵᠡᠷᠭᠡ ᠳᠠᠭᠤᠤ ᠨᠤᠭᠤᠳ ᠢᠶᠠᠷ ᠦᠨᠳᠦᠰᠦᠲᠡᠨ ᠤ ᠪᠦᠯᠬᠦᠮᠳᠡᠯ ᠤᠨ ᠠᠶ᠎ᠠ ᠶᠢ ᠬᠠᠮᠲᠤᠪᠠᠷ ᠡᠭᠡᠰᠢᠭᠯᠡᠵᠦ᠂ ᠠᠬᠤᠶ ᠲᠠᠯᠠᠪᠠᠢ ᠳᠠᠬᠢ ᠪᠠᠭᠰᠢ ᠨᠠᠷ ᠤᠨ ᠥᠬᠦᠭᠡᠷᠲᠦᠯ ᠢ ᠣᠯᠤᠭᠰᠠᠨ ᠪᠠᠶᠢᠨ᠎ᠠ᠃      ᠬᠤᠪᠢᠰᠬᠠᠯ ᠤᠨ ᠳᠠᠭᠤᠤ ᠬᠡᠦᠬᠡᠳ ᠤᠨ ᠰᠡᠳᠬᠢᠯ ᠢ ᠤᠮᠳᠠᠯᠠᠵᠤ᠂ ᠬᠡᠦᠬᠡᠳ ᠤᠳ ᠣᠷᠭᠢᠯᠤᠮ᠎ᠠ ᠬᠠᠯᠠᠭᠤᠨ ᠰᠡᠳᠬᠢᠯ ᠢᠶᠠᠷ ᠡᠬᠡ ᠤᠯᠤᠰ ᠢᠶᠠᠨ ᠮᠠᠭᠲᠠᠨ ᠳᠠᠭᠤᠯᠠᠭᠰᠠᠨ ᠤᠷᠠᠨ ᠰᠠᠶᠢᠬᠠᠨ ᠤ ᠲᠣᠭᠯᠠᠯᠲᠠ ᠨᠢ ᠪᠠᠯᠴᠢᠷ ᠬᠡᠦᠬᠡᠳ ᠤᠳ ᠤᠨ ᠣᠢ ᠤᠬᠠᠭᠠᠨ ᠳᠤ ᠡᠬᠡ ᠤᠯᠤᠰ ᠢᠶᠠᠨ ᠬᠠᠶᠢᠷᠠᠯᠠᠵᠤ᠂ ᠡᠬᠡ ᠤᠯᠤᠰ ᠢᠶᠠᠨ ᠮᠠᠭᠲᠠᠨ ᠳᠠᠭᠤᠯᠠᠬᠤ ᠣᠶᠢᠯᠠᠭᠠᠭᠳᠠᠬᠤᠨ ᠢ ᠪᠤᠢ ᠪᠣᠯᠭᠠᠵᠤ᠂ ᠮᠥᠨ ᠴᠦ ᠲᠡᠳᠡᠨᠡᠷ ᠤᠨ ᠬᠤᠶᠢᠰᠢᠳᠠ ᠶᠢᠨ ᠡᠪ ᠬᠠᠮᠲᠤ ᠶᠣᠰᠣᠨ ᠤ ᠵᠠᠯᠭᠠᠮᠵᠢᠯᠠᠭᠴᠢ ᠪᠣᠯᠤᠨ ᠬᠥᠮᠦᠵᠢᠭᠳᠡᠬᠦ ᠳᠤ ᠣᠶᠤᠨ ᠤᠬᠠᠭᠠᠨ ᠤ ᠰᠡᠳᠬᠢᠭᠳᠡᠯ ᠪᠣᠯᠤᠭᠰᠠᠨ ᠪᠠᠶᠢᠨ᠎ᠠ᠃
 
ᠢᠷᠡᠯᠲᠡ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号