ᠳᠡᠳ᠋ ᠡᠷᠬᠢᠯᠡᠭᠴᠢ ᠪᠦᠷᠢᠨ
ᠨᠡᠶᠢᠲᠡᠯᠡᠭᠰᠡᠨ ᠴᠠᠭ᠄
2021/1/1
 181126162wk1.jpg
ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ      ᠡᠷᠬᠢᠯᠡᠭᠴᠢ ᠶᠢ ᠬᠠᠪᠰᠤᠷᠤᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠣᠷᠣᠨ ᠰᠠᠭᠤᠴᠠ᠂ ᠵᠠᠮ ᠬᠠᠷᠢᠯᠴᠠᠭ᠎ᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠲᠠᠷᠢᠶᠠᠯᠠᠩ ᠮᠠᠯ ᠠᠵᠤ ᠠᠬᠤᠶ᠂ ᠤᠢ ᠰᠢᠭᠤᠶ ᠡᠪᠡᠰᠦ ᠪᠡᠯᠴᠢᠭᠡᠷ᠂ ᠤᠰᠤᠨ ᠤ ᠶᠠᠪᠤᠳᠠᠯ᠂ ᠬᠠᠩᠭᠠᠨ ᠪᠣᠷᠣᠯᠠᠭᠤᠯᠬᠤ ᠵᠡᠷᠭᠡ ᠲᠠᠯ᠎ᠠ ᠶᠢᠨ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ︔ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠣᠷᠴᠢᠨ ᠲᠣᠭᠤᠷᠢᠨ ᠡᠬᠢ ᠪᠠᠶᠠᠯᠢᠭ ᠤᠨ ᠠᠵᠢᠯ ᠤᠨ ᠵᠥᠪᠯᠡᠯ ︵ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠵᠥᠪᠯᠡᠯ︶ ᠢ ᠬᠤᠪᠢᠳᠠᠨ ᠬᠠᠮᠢᠶᠠᠷᠤᠨ᠎ᠠ︔ ᠴᠠᠭ ᠠᠭᠤᠷ ᠤᠨ ᠲᠣᠪᠴᠢᠶ᠎ᠠ᠂ ᠴᠠᠬᠢᠯᠭᠠᠨ ᠬᠦᠴᠦᠨ ᠤ ᠺᠣᠮᠫᠠᠨᠢ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠺᠣᠮᠫᠠᠨᠢ᠂ ᠤᠰᠤᠨ ᠰᠢᠨᠵᠢᠯᠡᠭᠡᠨ ᠤ ᠦᠷᠳᠡᠭᠡ᠂ ᠭᠠᠵᠠᠷ ᠬᠥᠳᠡᠯᠦᠯᠲᠡ ᠶᠢᠨ ᠦᠷᠳᠡᠭᠡ᠂ ᠵᠠᠮ ᠤᠨ ᠶᠠᠪᠤᠳᠠᠯ ᠤᠨ ᠶᠡᠭᠡ ᠠᠩᠬᠢ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ ᠵᠡᠷᠭᠡ ᠰᠠᠯᠠᠭ᠎ᠠ ᠮᠥᠴᠢᠷ ᠲᠠᠢ ᠬᠠᠷᠢᠯᠴᠠᠨ᠎ᠠ᠃ᠲᠣᠪᠴᠢ ᠨᠠᠮᠲᠠᠷ᠄      ᠪᠦᠷᠢᠨ᠂ ᠡᠷᠡᠭᠲᠡᠶ᠂ ᠮᠣᠩᠭᠤᠯ ᠦᠨᠳᠦᠰᠦᠲᠡᠨ᠂ 1971 ᠣᠨ ᠤ 5 ᠰᠠᠷ᠎ᠠ ᠳᠤ ᠲᠦᠷᠦᠵᠡᠢ᠃ ᠥᠪᠥᠷ ᠮᠣᠩᠭᠤᠯ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠮᠦᠨ᠂ ᠨᠢᠭᠡᠳᠦᠭᠡᠷ ᠰᠤᠷᠤᠯᠭ᠎ᠠ ᠶᠢᠨ ᠨᠠᠮᠲᠠᠷ ᠲᠠᠢ ᠳᠤᠮᠳᠠᠳᠤ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ 1992 ᠣᠨ ᠤ 7 ᠰᠠᠷ᠎ᠠ ᠳᠤ ᠥᠪᠥᠷ ᠮᠣᠩᠭᠤᠯ ᠤᠨ ᠡᠪᠯᠡᠯ ᠤᠨ ᠰᠤᠷᠭᠠᠭᠤᠯᠢ ᠶᠢᠨ ᠵᠠᠯᠠᠭᠤᠴᠤᠳ ᠤᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠲᠤᠰᠬᠠᠶ ᠮᠡᠷᠭᠡᠵᠢᠯ ᠠᠴᠠ ᠲᠡᠭᠦᠰᠴᠦ᠂ ᠣᠲᠣ ᠰᠤᠷᠤᠯᠭ᠎ᠠ ᠶᠢᠨ ᠨᠠᠮᠲᠠᠷ ᠲᠠᠢ ᠶᠡᠭᠡ ᠰᠤᠷᠭᠠᠭᠤᠯᠢ ᠶᠢᠨ ᠵᠢᠩᠬᠢᠨᠢ ᠠᠩᠭᠢ ᠲᠠᠢ᠂ 2000 ᠣᠨ ᠤ 12 ᠰᠠᠷ᠎ᠠ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠥᠪᠡᠷᠲᠡᠭᠡᠨ ᠰᠢᠯᠭᠠᠬᠤ ᠮᠣᠩᠭᠤᠯ ᠬᠡᠯᠡ ᠤᠳᠬ᠎ᠠ ᠵᠣᠬᠢᠶᠠᠯ ᠤᠨ ᠲᠤᠰᠬᠠᠶ ᠮᠡᠷᠭᠡᠵᠢᠯ ᠠᠴᠠ ᠲᠡᠭᠦᠰᠴᠦ᠂ 1998 ᠣᠨ ᠤ 5 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 1992 ᠣᠨ ᠤ 9 ᠰᠠᠷ᠎ᠠ ᠳᠤ ᠠᠵᠢᠯ ᠳᠤ ᠣᠷᠣᠪᠠ᠂ ᠣᠲᠣ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠮᠢᠩᠭᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ      1992.09 — 1997.04 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶ᠋ᠬᠠᠤᠪᠤᠭ᠎ᠠ ᠰᠤᠮᠤ ᠶᠢᠨ ᠡᠪᠯᠡᠯ ᠤᠨ ᠬᠤᠷᠢᠶᠠᠨ ᠤ ᠱᠦᠵᠢ      1997.04 — 2002.10 ᠳᠠᠷᠬᠠᠨ ᠮᠤᠤᠮᠢᠩᠭᠠᠨ ᠬᠤᠰᠢᠭᠤᠨ ᠤ ᠪᠠᠶᠠᠨᠤᠪᠤᠭ᠎ᠠ ᠰᠤᠮᠤ ᠶᠢᠨ ᠳᠡᠳ᠋ ᠰᠤᠮᠤᠨ ᠲᠠᠷᠤᠭ᠎ᠠ      2002.10 — 2006.01 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠠᠭᠠᠨᠨᠠᠭᠤᠷ ᠰᠤᠮᠤ ᠶᠢᠨ ᠳᠡᠳ᠋ ᠱᠦᠵᠢ      2006.01 — 2008.01 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠠᠨᠬᠤᠸᠠ ᠪᠠᠯᠭᠠᠰᠤᠨ ᠤ ᠳᠡᠳ᠋ ᠳᠠᠷᠤᠭ᠎ᠠ      2008.01 — 2010.01 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠠᠨᠬᠤᠸᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ      2010.01 — 2011.03 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠠᠷᠬᠠᠨ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ      2011.03 — 2013.01 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠠᠷᠬᠠᠨ ᠰᠤᠮᠤ ᠶᠢᠨ ᠨᠠᠮ ᠤᠨ ᠬᠤᠷᠢᠶᠠᠨ ᠤ ᠱᠦᠵᠢ      2013.01 — 2016.04 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠨᠠᠮ ᠤᠨ ᠣᠷᠣᠯᠠᠨ ᠭᠦᠢᠴᠡᠳᠬᠡᠬᠦ ᠡᠷᠬᠢᠯᠡᠭᠴᠢ      2016.04 — 2018.09 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠡᠯᠲᠡᠰ ᠤᠨ ᠶᠠᠪᠤᠳᠠᠯ ᠤᠨ ᠬᠤᠷᠠᠯ ᠤᠨ ᠪᠦᠷᠢᠯᠳᠦᠬᠦᠨ᠂ ᠨᠠᠮ ᠤᠨ ᠣᠷᠣᠯᠠᠨ ᠭᠦᠢᠴᠡᠳᠬᠡᠬᠦ ᠡᠷᠬᠢᠯᠡᠭᠴᠢ      2018.09 — 2022.01 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ  ᠮᠢᠩᠭᠠᠨ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ      2022.01 — ᠤᠳᠤ ᠪᠣᠯᠲᠠᠯ᠎ᠠ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠮᠢᠩᠭᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号