ᠰᠡᠷᠭᠡᠶᠢᠯᠡᠨ ᠡᠵᠡᠮᠳᠡᠬᠦ ᠴᠡᠭ ᠭᠠᠷᠭᠠᠵᠤ᠂ ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2021/1/22
      1 ᠰᠠᠷ᠎ᠠ ᠶᠢᠨ 12 ᠤᠨ ᠡᠳᠦᠷ᠂ ᠰᠢᠷᠠᠮᠥ᠋ᠷᠡᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠪᠠᠭ ᠳᠡᠭᠡᠳᠦ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠲᠣᠮᠢᠯᠠᠭᠰᠠᠨ ᠰᠠᠯᠪᠤᠷᠢ᠂ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠺᠠᠷᠲ ᠭᠠᠷᠭᠠᠬᠤ ᠠᠵᠢᠯ ᠢ ᠨᠠᠶᠢᠳᠠᠪᠤᠷᠢᠵᠢᠭᠤᠯᠵᠤ᠂ S 104 ᠮᠤᠵᠢ ᠶᠢᠨ ᠵᠠᠮ ᠬᠢᠭᠡᠳ ᠬᠤᠰᠢᠭᠤᠨ ᠤ ᠡᠭᠦᠳᠡᠨ ᠤ ᠠᠭᠤᠯᠵᠠᠷ ᠲᠤ ᠰᠢᠯᠭᠠᠨ ᠪᠠᠶᠢᠴᠠᠭᠠᠬᠤ ᠴᠡᠭ ᠭᠠᠷᠭᠠᠵᠤ᠂ ᠨᠡᠭᠦᠳᠡᠯ ᠬᠥᠮᠦᠰ᠂ ᠨᠤᠲᠤᠭ ᠲᠠᠭᠠᠨ ᠪᠤᠴᠠᠭᠰᠠᠨ ᠬᠥᠮᠦᠰ ᠲᠤ ᠲᠡᠷᠭᠡ ᠬᠥᠰᠬᠡ ᠳᠠᠩᠰᠠᠯᠠᠬᠤ ᠪᠠ ᠪᠡᠶ᠎ᠡ ᠶᠢᠨ ᠬᠠᠯᠠᠭᠤᠨ ᠢ ᠨᠢ ᠪᠠᠶᠢᠴᠠᠭᠠᠨ ᠬᠡᠮᠵᠢᠪᠡ᠃
      ᠪᠠᠯᠭᠠᠰᠤᠨ ᠤ ᠨᠠᠮ ᠤᠨ ᠬᠤᠷᠢᠶᠠᠨ ᠤ ᠱᠦᠵᠢ ᠬᠠᠰᠪᠠᠭᠠᠨ᠎ᠠ ᠵᠢᠴᠢ ᠤᠳᠤᠷᠢᠳ᠊‍ᠬᠤ ᠪᠠᠭ ᠤᠨ ᠪᠤᠰᠤᠳ ᠪᠦᠷᠢᠯᠳᠦᠬᠦᠨ ᠨᠢ ᠺᠠᠷᠲ ᠭᠠᠷᠭᠠᠬᠤ ᠠᠵᠢᠯ ᠢ ᠪᠡᠶᠡᠴᠢᠯᠡᠨ ᠬᠢᠵᠦ᠂ ᠺᠠᠷᠲ ᠤᠨ ᠴᠡᠭ ᠤᠨ ᠣᠷᠣᠨ ᠪᠠᠶᠢᠷᠢ ᠶᠢ ᠲᠣᠬᠢᠷᠠᠭᠤᠯᠤᠨ ᠪᠠᠶᠢᠷᠢᠯᠠᠭᠤᠯᠵᠤ᠂ ᠺᠠᠷᠲ ᠤᠨ ᠴᠡᠭ ᠤᠨ ᠪᠠᠶᠢᠷᠢᠯᠠᠭᠤᠯᠤᠯᠲᠠ ᠶᠢᠨ ᠵᠦᠶ ᠵᠣᠬᠢᠰᠲᠠᠶ᠂ ᠵᠢᠷᠤᠮᠵᠢᠭᠤᠨ᠂ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠪᠠ᠃ ᠲᠦᠷ ᠴᠠᠭ ᠤᠨ ᠵᠢᠵᠢᠭᠦᠷᠯᠡᠬᠦ ᠲᠠᠰᠤᠭ᠂ ᠳᠣᠲᠣᠷ᠎ᠠ ᠨᠢ ᠳᠤᠯᠠᠭᠠᠯᠠᠬᠤ ᠵᠤᠤᠬ᠎ᠠ ᠪᠠ ᠣᠷᠣ ᠳᠡᠪᠢᠰᠬᠡᠷ ᠪᠠᠶᠢᠷᠢᠯᠠᠭᠤᠯᠵᠤ᠂ ᠠᠵᠢᠯᠲᠠᠨ ᠤ ᠵᠢᠵᠢᠭᠦᠷᠯᠡᠬᠦ ᠣᠷᠴᠢᠨ ᠲᠣᠭᠤᠷᠢᠨ ᠢ ᠪᠠᠲᠤᠯᠠᠬᠤ ᠬᠡᠷᠡᠭᠲᠡᠶ᠃
      ᠡᠭᠦᠨ ᠤ ᠬᠠᠮᠲᠤ ᠰᠢᠷᠠᠮᠥ᠋ᠷᠡᠨ ᠪᠠᠯᠭᠠᠰᠤᠨ ᠤ ᠵᠠᠰᠠᠭ ᠤᠨ ᠣᠷᠳᠣᠨ ᠵᠠᠯᠭᠠᠭᠠᠳ ᠪᠤᠰᠤᠳ ᠪᠣᠭᠤᠮᠲᠠ ᠭᠠᠷᠭᠠᠬᠤ ᠭᠠᠵᠠᠷ ᠢ ᠵᠣᠬᠢᠰᠲᠠᠶ ᠵᠠᠳᠠᠯᠵᠤ᠂ ᠵᠢᠵᠢᠭᠦᠷᠯᠡᠬᠦ ᠠᠵᠢᠯᠲᠠᠨ ᠢ ᠵᠣᠬᠢᠰᠲᠠᠶ ᠲᠣᠬᠢᠷᠠᠭᠤᠯᠤᠨ ᠡᠭᠡᠯᠵᠢᠯᠡᠨ ᠵᠢᠵᠢᠭᠦᠷᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ︽ᠲᠡᠷᠭᠡ ᠪᠦᠷᠢ ᠶᠢ ᠵᠠᠪᠠᠯ ᠪᠠᠶᠢᠴᠠᠭᠠᠵᠤ᠂ ᠬᠥᠮᠦᠨ ᠪᠦᠷᠢ ᠶᠢ ᠵᠠᠪᠠᠯ ᠪᠠᠶᠢᠴᠠᠭᠠᠬᠤ︾ ᠶᠢ ᠪᠡᠶᠡᠯᠡᠭᠦᠯᠵᠦ ᠂ ᠠᠶᠤᠯ ᠲᠦᠭᠰᠢᠭᠦᠷᠢ ᠠᠴᠠ ᠬᠠᠮᠤᠭ ᠤᠨ ᠶᠡᠭᠡ ᠬᠡᠮᠵᠢᠶ᠎ᠡ ᠪᠠᠷ ᠵᠠᠶᠢᠯᠠᠬᠤ ᠶᠢ ᠪᠡᠶᠡᠯᠡᠭᠦᠯᠬᠦ ᠪᠣᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号