ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ︽ᠦᠯᠢᠭᠡᠷ ᠶᠠᠷᠢᠵᠤ ᠤᠭ ᠰᠠᠨᠠᠭ᠎ᠠ ᠪᠠᠨ ᠴᠡᠭᠡᠵᠢᠯᠡᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/1/22
      ︽30 ᠵᠢᠯ ᠤᠨ ᠡᠶᠡᠳᠡᠭᠦᠯᠬᠦ ᠠᠵᠢᠯ᠂ ᠪᠢ ᠠᠷᠠᠳ ᠤᠨ ᠡᠶᠡᠳᠡᠭᠦᠯᠭᠡ ᠠᠷᠠᠳ ᠲᠦᠮᠡᠨ ᠤ ᠲᠥᠯᠥᠭᠡ ᠭᠡᠳᠡᠭ ᠢ ᠣᠢᠯᠠᠭᠠᠶ᠎ᠠ᠂ ᠬᠦᠴᠢᠷ ᠵᠣᠪᠠᠭᠤᠷᠢ ᠶᠢ ᠠᠷᠢᠯᠭᠠᠨ ᠢᠲᠡᠭᠡᠯ ᠢ ᠤᠯᠬᠤ ᠳᠤ ᠪᠡᠷᠬᠡ︾᠂ ︽ᠬᠠᠤᠯᠢ ᠴᠠᠭᠠᠵᠠ ᠶᠢᠨ ᠭᠠᠵᠠᠷ ᠤᠨ ᠠᠵᠢᠯ ᠲᠡᠶᠢᠮᠦ ᠠᠮᠠᠷᠬᠠᠨ ᠪᠢᠰᠢ᠂ ᠴᠢ ᠶᠠᠭᠠᠬᠢᠵᠤ ᠬᠢᠬᠦ ᠰᠠᠨᠠᠭ᠎ᠠ ᠲᠠᠢ ᠪᠣᠯ ᠲᠡᠭᠡᠵᠦ ᠬᠢ᠂ ᠰᠡᠳᠬᠢᠯ ᠲᠠᠯᠪᠢᠨ ᠬᠦᠴᠦ ᠣᠷᠣᠭᠤᠯᠬᠤ ᠬᠡᠷᠡᠭᠲᠡᠢ︾᠂ ︽ᠨᠢᠭᠡ ᠬᠤᠪᠢ ᠠᠵᠢᠯ ᠪᠣᠯ ᠨᠢᠭᠡ ᠵᠦᠢᠯ ᠤᠨ ᠰᠣᠩᠭᠤᠯᠲᠠ ᠮᠥᠨ᠂ ᠨᠢᠭᠡ ᠬᠤᠪᠢ ᠬᠠᠷᠢᠭᠤᠴᠠᠯᠭ᠎ᠠ᠂ ᠨᠢᠭᠡ ᠬᠤᠪᠢ ᠡᠭᠦᠷᠭᠡᠯᠡᠯ᠂ ᠡᠭᠡᠯ ᠵᠢᠷ ᠤᠨ ᠶᠠᠪᠤᠳᠠᠯ ᠪᠣᠯᠭᠠᠨ ᠢ ᠰᠠᠶᠢᠨ ᠬᠢ᠂ ᠳᠠᠷᠤᠶ ᠨᠢᠭᠡ ᠵᠦᠶ᠋ᠯ ᠤᠨ ᠶᠡᠷᠦ ᠪᠤᠰᠤ ᠶᠢᠨ ︽ᠠᠵᠢᠯ ᠬᠢᠬᠦ ᠳᠤ ᠭᠤᠤᠯᠴᠢ ᠰᠡᠳᠬᠢᠯ ᠲᠠᠢ ᠪᠠᠶ᠋ᠬᠤ ᠬᠡᠷᠡᠭᠲᠡᠶ᠂ ᠵᠣᠷᠢᠭᠲᠠᠶ ᠪᠠᠷ ᠰᠢᠨ᠎ᠡ ᠶᠢ ᠡᠭᠦᠳᠬᠦ᠂ ᠣᠯᠠᠨ ᠲᠦᠮᠡᠨ ᠤ ᠵᠣᠭᠰᠣᠴᠠ ᠠᠴᠠ ᠠᠰᠠᠭᠤᠳᠠᠯ ᠢ ᠢᠯᠡᠭᠦᠬᠡᠨ ᠪᠣᠳᠣᠯᠬᠢᠯᠠᠬᠤ ᠬᠡᠷᠡᠭᠲᠡᠶ︾ ︽ᠮᠠᠨ ᠤ ᠣᠯᠠᠨ ᠲᠦᠮᠡᠨ ᠲᠡᠶᠢᠮᠦ ᠰᠠᠶᠢᠨ᠂ ᠪᠢᠳᠡ ᠶᠠᠮᠠᠷ ᠰᠢᠯᠲᠠᠭᠠᠨ ᠢᠶᠠᠷ ᠰᠠᠶᠢᠨ ᠠᠵᠢᠯᠯᠠᠬᠤ ᠦᠭᠡᠢ ᠪᠣᠢ᠂ ︽ᠬᠠᠤᠯᠢ ᠴᠠᠭᠠᠵᠠ ᠶᠢᠨ ᠲᠤᠰᠠᠯᠠᠮᠵᠢ ᠲᠠᠢ ᠣᠢᠷᠠᠳᠬᠤ ᠠᠴᠠ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢ ᠥᠩᠭᠡᠷᠡᠭᠡᠬᠦ ᠬᠦᠷᠲᠡᠯ᠎ᠡ︾᠂ ᠡᠨᠡ ᠪᠣᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠠᠳᠠᠯᠢ ᠪᠤᠰᠤ ᠠᠵᠢᠯ ᠤᠨ ᠪᠠᠶᠢᠷᠢ ᠪᠣᠯᠤᠨ᠎ᠠ᠂ ᠠᠳᠠᠯᠢ ᠪᠤᠰᠤ ᠨᠠᠰᠤᠨ ᠤ ᠺᠠᠳ᠋ᠷ ᠠᠵᠢᠯᠲᠠᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠳᠤ ᠰᠡᠳᠬᠢᠯ ᠢᠶᠠᠨ ᠢᠯᠡᠳᠬᠡᠨ᠎ᠡ᠃
     ᠣᠶᠢᠷ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ︽ᠥᠯᠢᠭᠡᠷ ᠶᠠᠷᠢᠵᠤ ᠣᠭ ᠰᠠᠨᠠᠭ᠎ᠠ ᠪᠠᠨ ᠴᠡᠭᠡᠵᠢᠯᠡᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠳᠤᠮᠳᠠᠬᠢ ᠬᠠᠮᠤᠭ ᠤᠨ ᠮᠠᠷᠲᠠᠭᠳᠠᠰᠢ ᠥᠬᠡᠶ᠂ ᠬᠠᠮᠤᠭ ᠤᠨ ᠦᠵᠡᠯ ᠰᠠᠨᠠᠭ᠎ᠠ ᠶᠢ ᠬᠥᠨᠳᠡᠭᠰᠡᠨ ᠬᠡᠷᠡᠭ ᠢ ᠡᠷᠭᠢᠴᠡᠭᠦᠯᠦᠨ ᠲᠣᠭᠠᠴᠢᠬᠤ ᠪᠠᠷ ᠳᠡᠮᠵᠢᠨ᠂ ᠨᠠᠮ ᠳᠤ ᠣᠷᠣᠭᠰᠠᠨ ᠣᠭ ᠰᠠᠨᠠᠭ᠎ᠠ ᠪᠠᠨ ᠳᠠᠬᠢᠨ ᠡᠷᠭᠢᠴᠡᠭᠦᠯᠵᠦ᠂ ᠠᠷᠠᠳ ᠤᠨ ᠲᠥᠯᠥᠭᠡ ᠵᠢᠳᠬᠦᠭᠰᠡᠨ ᠣᠭ ᠰᠠᠨᠠᠭ᠎ᠠ ᠪᠠᠨ ᠡᠷᠭᠢᠴᠡᠭᠦᠯᠦᠨ ᠣᠶᠢᠯᠠᠭᠠᠵᠤ᠂ ᠬᠠᠷᠢᠭᠤᠴᠠᠯᠭᠠᠲᠤ ᠰᠡᠳᠬᠢᠯᠭᠡ ᠪᠠᠨ ᠮᠡᠳᠡᠵᠦ᠂ ᠬᠠᠷᠢᠭᠤᠴᠠᠯᠭ᠎ᠠ ᠪᠠᠨ ᠪᠡᠶ᠎ᠡ ᠳᠡᠭᠡᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠶ᠋ᠴᠡᠳᠬᠡᠬᠦ ᠬᠡᠷᠡᠭᠲᠡᠶ᠃      2020 ᠣᠨ ᠠᠴᠠ ᠨᠠᠭᠠᠰᠢ᠂ ᠡᠩᠨᠡᠭᠡᠨ ᠤ ᠬᠡᠪ ᠴᠢᠨᠠᠷ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡᠨ ᠤ ᠬᠡᠪ ᠴᠢᠨᠠᠷ ᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠪᠠᠷ ᠭᠠᠷᠳᠠᠴᠠ ᠪᠣᠯᠭᠠᠨ᠂ ᠤᠯᠤᠰ ᠲᠥᠷᠥ ᠶᠢᠨ ᠬᠡᠪ ᠪᠣᠯᠪᠠᠰᠤᠷᠠᠯ᠂ ᠵᠣᠷᠢᠯᠲᠠ ᠢᠲᠡᠭᠡᠯ᠂ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ᠂ ᠰᠠᠬᠢᠯᠭ᠎ᠠ ᠪᠠᠲᠤ ᠣᠪᠣᠷ ᠰᠤᠷᠲᠠᠯ ᠵᠡᠷᠭᠡ ᠳᠥᠷᠪᠡᠨ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭ᠎ᠠ ᠶᠢ ᠪᠠᠶᠢᠴᠠᠭᠠᠨ᠂ ᠤᠯᠤᠰ ᠲᠥᠷᠥ ᠶᠢᠨ ᠵᠣᠭᠰᠣᠯᠲᠠ ᠪᠠᠨ ᠦᠵᠡᠪᠡ︔ ᠰᠤᠷᠲᠠᠯ ᠢ ᠪᠠᠶᠢᠴᠠᠭᠠᠵᠤ᠂ ᠣᠶᠤᠨ ᠰᠠᠨᠠᠭᠠᠨ ᠤ ᠪᠠᠶᠢᠳᠠᠯ ᠢ ᠦᠵᠡᠬᠦ ᠬᠡᠷᠡᠭᠲᠡᠶ︔ ᠲᠤᠰᠢᠶᠠᠯ ᠢᠶᠠᠨ ᠭᠦᠢᠴᠡᠳᠬᠡᠬᠦ ᠶᠢ ᠪᠠᠶᠢᠴᠠᠭᠠᠵᠤ᠂ ᠬᠠᠷᠢᠭᠤᠴᠠᠯᠭ᠎ᠠ ᠡᠭᠦᠷᠭᠡᠯᠡᠯ ᠢ ᠦᠵᠡᠬᠦ ᠬᠡᠷᠡᠭᠲᠡᠢ︔ ᠲᠤᠬᠠᠶᠢᠯᠠᠭᠰᠠᠨ ᠠᠵᠢᠯ ᠢ ᠪᠠᠶᠢᠴᠠᠭᠠᠬᠤ᠂ ᠠᠵᠢᠯ ᠤᠨ ᠴᠢᠳᠠᠪᠤᠷᠢ ᠶᠢ ᠦᠵᠡᠬᠦ︔ ᠰᠠᠬᠢᠯᠭ᠎ᠠ ᠪᠠᠲᠤ ᠶᠢ ᠪᠠᠶᠢᠴᠠᠭᠠᠬᠤ᠂ ᠠᠷᠢᠭᠤᠨ ᠴᠢᠬᠡᠴᠢ ᠶᠢᠨ ᠢᠯᠡᠷᠡᠯ ᠢ ᠦᠵᠡᠬᠦ᠂ ᠺᠠᠳ᠋ᠷ ᠠᠵᠢᠯᠳᠠᠨ ᠠᠵᠢᠯᠴᠢᠨ ᠢ ᠵᠣᠬᠢᠶᠠᠨ ᠪᠠᠶᠢᠭᠤᠯᠤᠨ ᠬᠠᠤᠯᠢ ᠪᠠᠷᠢᠬᠤ ᠵᠠᠰᠠᠭ ᠵᠠᠬᠢᠷᠭᠠᠨ ᠤ ᠲᠤᠬᠠᠶᠢᠯᠠᠭᠰᠠᠨ ᠠᠵᠢᠯ ᠤᠨ ᠲᠤᠭ᠎ᠠ ᠪᠦᠷᠢᠳᠬᠡᠯ ᠤᠨ ᠠᠵᠢᠯ ᠤᠨ ᠪᠣᠯᠪᠠᠰᠤᠷᠠᠭᠤᠯᠤᠯ ᠤᠨ ᠠᠩᠬᠢ᠂ ︽ᠢᠷᠭᠡᠨ ᠤ ᠬᠠᠤᠯᠢ ᠶᠢᠨ ᠪᠢᠴᠢᠭ︾ ᠤᠨ ᠢᠯᠡ ᠬᠢᠴᠢᠶᠡᠯ ᠵᠡᠷᠭᠡ 13 ᠬᠤᠭᠤᠴᠠᠭᠠᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠡᠯ᠎ᠡ ᠲᠦᠷᠦᠯ ᠤᠨ ᠪᠣᠯᠪᠠᠰᠤᠷᠠᠭᠤᠯᠤᠯ ᠳᠤ ᠣᠷᠣᠯᠴᠠᠭᠤᠯᠬᠤ ᠪᠠᠷ ᠳᠠᠮᠵᠢᠭᠤᠯᠤᠨ᠂ ᠰᠤᠷᠤᠯᠴᠠᠯᠭ᠎ᠠ ᠪᠣᠯᠪᠠᠰᠤᠷᠠᠭᠤᠯᠤᠯ᠂ ᠲᠡᠷᠢᠭᠦᠨ ᠤ ᠬᠢ ᠪᠣᠯᠬᠤ ᠪᠠᠷ ᠴᠢᠷᠮᠠᠶᠢᠵᠤ ᠰᠢᠯᠢᠳᠡᠭ ᠢ ᠡᠭᠦᠳᠬᠦ ᠵᠡᠷᠭᠡ ᠲᠣᠭᠲᠠᠴᠠ ᠶᠢ ᠴᠢᠩᠭᠠᠳᠬᠠᠵᠤ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ᠂ ᠰᠡᠷᠡᠮᠵᠢᠯᠡᠭᠦᠯᠬᠦ ᠬᠥᠮᠦᠵᠢᠯ ᠵᠡᠷᠭᠡ ᠶᠢ ᠥᠷᠨᠢᠭᠦᠯᠦᠨ᠂ ᠪᠦᠬᠦ ᠺᠠᠳ᠋ᠷ ᠠᠵᠢᠯᠳᠠᠨ ᠠᠵᠢᠯᠴᠢᠨ ᠢ ᠤᠷᠮᠠᠰᠢᠭᠤᠯᠤᠨ ᠵᠢᠯᠣᠭᠤᠳᠴᠤ ᠪᠠᠶᠢᠭᠠᠳ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠨᠠᠰᠤᠨ ᠲᠤᠷᠰᠢᠳᠠ ᠰᠤᠷᠤᠯᠴᠠᠬᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠬᠦ᠂ ᠢᠳᠡᠪᠬᠢᠲᠡᠢ ᠪᠠᠷ ᠠᠵᠢᠯᠯᠠᠬᠤ ᠪᠠ ᠲᠡᠷᠢᠭᠦᠨ ᠤ ᠬᠢ ᠪᠣᠯᠬᠤ ᠪᠠᠷ ᠴᠢᠷᠮᠠᠶᠢᠵᠤ ᠰᠢᠯᠢᠳᠡᠭ ᠢ ᠡᠭᠦᠳᠬᠦ ᠤᠬᠠᠮᠰᠠᠷ ᠢ ᠪᠤᠢ ᠪᠣᠯᠭᠠᠵᠤ᠂ ᠬᠠᠤᠯᠢ ᠪᠠᠷᠢᠬᠤ ᠵᠠᠰᠠᠭ ᠵᠠᠬᠢᠷᠭᠠᠨ ᠤ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠯᠭᠡᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号