ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/10/13
     ᠡᠨᠡ ᠵᠢᠯ ᠠᠴᠠ ᠨᠠᠰᠢ᠂ ᠰᠢ ᠶᠢᠨ ᠫᠢᠩ ᠶᠢᠨ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠹᠢᠨᠯᠠᠨᠳ᠋ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠬᠤᠳᠠᠯᠳᠤᠭᠠᠴᠢᠨ ᠤᠷᠢᠬᠤ  ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠵᠤ᠂ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃      ᠨᠢᠭᠡ ᠳᠤ᠂ ᠪᠠᠷᠠᠭᠤᠨ ᠣᠷᠣᠨ ᠤ ᠪᠣᠯᠣᠳ ᠲᠡᠮᠦᠷ ᠤᠨ ᠬᠤᠪᠣᠷ ᠰᠢᠷᠣᠶ ᠶᠢᠨ ᠲᠦᠭᠦᠬᠡᠶ ᠮᠠᠲ᠋ᠧᠷᠢᠶᠠᠯ ᠡᠳ᠋ᠰᠢᠭᠦᠯᠬᠦ ᠬᠦᠷᠢᠶᠡᠯᠡᠩ᠂ ᠰᠢᠨ᠎ᠡ ᠬᠡᠯᠪᠡᠷᠢ ᠶᠢᠨ ᠠᠵᠤ  ᠦᠢᠯᠡᠳᠪᠦᠷᠢ ᠶᠢᠨ ᠬᠦᠷᠢᠶᠡᠯᠡᠩ ᠤᠨ ᠬᠠᠲᠠᠭᠤ ᠬᠠᠶᠠᠭᠳᠠᠮᠠᠯ ᠰᠢᠭᠠᠷᠤ ᠶᠢᠨ ᠲᠠᠯᠠᠪᠠᠶ᠂ ᠪᠣᠬᠢᠷ ᠤᠰᠤ ᠰᠢᠶ᠋ᠳᠪᠦᠷᠢᠯᠡᠬᠦ  ᠦᠢᠯᠡᠳᠪᠦᠷᠢ᠂ ᠵᠠᠮ ᠢ ᠥᠭᠡᠷᠡᠴᠢᠯᠡᠨ ᠳᠡᠭᠡᠭᠰᠢᠯᠡᠭᠦᠯᠬᠦ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠪᠠᠶᠢᠰᠢᠩ᠂ ᠳᠤᠮᠳᠠᠬᠢ ᠤᠰᠤ ᠶᠢ ᠠᠰᠢᠭᠯᠠᠨ ᠤᠰᠤ ᠬᠠᠩᠭᠠᠬᠤ ᠵᠡᠷᠭᠡ 7 ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠢ ᠪᠡᠶᠡᠯᠡᠭᠦᠯᠬᠦ ᠪᠠᠷ ᠲᠥᠯᠥᠪᠯᠡᠵᠦ᠂ ᠠᠵᠤ ᠠᠬᠤᠶᠢᠯᠠᠯ ᠤᠨ ᠣᠷᠣᠵᠤ ᠰᠠᠭᠤᠬᠤ ᠬᠡᠷᠡᠭᠴᠡᠭᠡ ᠶᠢ ᠪᠥᠬᠦ ᠲᠠᠯ᠎ᠠ ᠪᠠᠷ ᠬᠠᠩᠭᠠᠨ᠎ᠠ᠃ ᠣᠳᠣᠬᠠᠨ ᠳᠤ᠂ 7 ᠲᠥᠷᠥᠯ ᠵᠦᠢᠯ ᠳᠤ ᠴᠥᠮ ᠲᠥᠷᠥᠯ  ᠵᠦᠢᠯ ᠲᠣᠭᠲᠠᠭᠠᠬᠤ᠂ ᠲᠥᠯᠥᠪᠵᠢᠭᠦᠯᠬᠦ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠵᠡᠷᠭᠡ ᠭᠠᠷᠳᠠᠮ ᠢ  ᠭᠦᠢᠴᠡᠳᠭᠡᠵᠦ ᠳᠠᠭᠤᠰᠬᠠᠭᠰᠠᠨ ᠪᠥᠭᠡᠳ ᠵᠢᠭᠡᠯᠡᠯᠭᠡ ᠶᠢᠨ ᠲᠡᠮᠳᠡᠭᠲᠦ ᠶᠢᠨ ᠲᠥᠷᠥᠯ  ᠵᠦᠢᠯ ᠤᠨ ᠬᠥᠮᠥᠷᠭᠡ ᠳᠤ ᠣᠷᠣᠭᠤᠯᠤᠭᠰᠠᠨ ᠪᠠᠶᠢᠨ᠎ᠠ᠃ ᠡᠭᠦᠨ ᠳᠤ᠂ ᠰᠢᠨ᠎ᠡ ᠬᠡᠯᠪᠡᠷᠢ ᠶᠢᠨ ᠠᠵᠤ  ᠦᠢᠯᠡᠳᠪᠦᠷᠢ ᠶᠢᠨ ᠬᠦᠷᠢᠶᠡᠯᠡᠩ ᠤᠨ ᠵᠠᠮ ᠢ ᠥᠭᠡᠷᠡᠴᠢᠯᠡᠨ ᠳᠡᠭᠡᠭᠰᠢᠯᠡᠭᠦᠯᠬᠦ ᠲᠥᠷᠥᠯ  ᠵᠦᠢᠯ  ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠤᠰᠬᠠᠶ  ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 6000 ᠲᠦᠮᠡᠨ ᠲᠥᠭᠦᠷᠢᠭ ᠣᠯᠵᠤ᠂ ᠣᠲᠣ ᠨᠢᠭᠡᠨᠲᠡ ᠵᠠᠮ ᠤᠨ ᠵᠢᠷᠤᠭ ᠲᠥᠯᠥᠪᠯᠡᠭᠡ ᠶᠢᠨ ᠠᠵᠢᠯ ᠢ ᠳᠠᠭᠤᠰᠬᠠᠪᠠ︔ ᠰᠢᠨ᠎ᠡ ᠬᠡᠯᠪᠡᠷᠢ ᠶᠢᠨ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠤᠯᠤᠭᠰᠠᠨ  ᠦᠢᠯᠡᠳᠪᠦᠷᠢ ᠶᠢᠨ ᠬᠡᠷ ᠪᠠᠶᠢᠰᠢᠩ ᠤᠨ ᠲᠥᠷᠥᠯ  ᠵᠦᠢᠯ ᠨᠢ ᠥᠪᠡᠷᠲᠡᠭᠡᠨ ᠵᠠᠰᠠᠬᠤ ᠣᠷᠣᠨ ᠤ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠠᠯᠠ ᠮᠥᠩᠭᠦ ᠶᠢ 1040 ᠲᠦᠮᠡᠨ ᠲᠥᠭᠦᠷᠢᠭ ᠤᠯᠬᠤ ᠪᠠᠷ ᠴᠢᠷᠮᠠᠶᠢᠵᠤ᠂ ᠡᠳᠦᠭᠡ ᠨᠢᠭᠡᠨᠲᠡ ᠵᠢᠤᠢ  ᠹᠧᠩ ᠬᠤᠪᠣᠷ ᠰᠢᠷᠣᠶ ᠯᠤᠭ᠎ᠠ ᠬᠠᠮᠲᠤᠷᠠᠯᠴᠠᠬᠤ ᠰᠠᠨᠠᠮᠵᠢ ᠲᠠᠢ ᠪᠣᠯᠵᠣ᠂ ᠤᠷᠢᠳᠠᠪᠠᠷ ᠲᠦᠷᠢᠶᠡᠰᠦᠯᠡᠵᠦ ᠳᠠᠷᠠᠭ᠎ᠠ ᠨᠢ ᠪᠤᠴᠠᠭᠠᠨ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷᠢᠮᠵᠢᠶᠠᠵᠢᠭᠤᠯᠤᠭᠰᠠᠨ  ᠦᠢᠯᠡᠳᠪᠦᠷᠢ ᠶᠢᠨ ᠬᠡᠷ ᠪᠠᠶᠢᠰᠢᠩ ᠢ ᠪᠥᠲᠥᠭᠡᠨ ᠪᠠᠶᠢᠭᠤᠯᠤᠨ᠎ᠠ᠃      ᠬᠤᠶᠠᠷ ᠲᠤ᠂ ︽ᠤᠶᠤᠨᠲᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︾ ᠤᠨ ᠲᠦᠷᠦᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ ᠰᠠᠭᠤᠷᠢ ᠲᠥᠬᠦᠭᠡᠷᠦᠮᠵᠢ ᠶᠢ ᠰᠦᠯᠵᠢᠶᠡᠵᠢᠭᠦᠯᠬᠦ᠂ ᠨᠡᠭᠡᠭᠡᠨ ᠬᠥᠭᠵᠢᠭᠦᠯᠬᠦ ᠬᠠᠮᠢᠶᠠᠷᠤᠯᠲᠠ ᠶᠢ ᠮᠡᠳᠡᠭᠡ ᠵᠠᠩᠭᠢᠵᠢᠭᠤᠯᠬᠤ᠂ ᠴᠢᠳᠠᠪᠬᠢ ᠶᠢᠨ ᠦᠢᠯᠡᠴᠢᠯᠡᠭᠡ ᠶᠢ ᠨᠠᠷᠢᠯᠢᠬᠵᠢᠭᠤᠯᠬᠤ ᠪᠠ ᠠᠵᠤ ᠦᠢᠯᠡᠰ ᠤᠨ ᠬᠥᠭᠵᠢᠯᠲᠡ ᠶᠢ ᠤᠶᠤᠨᠴᠢᠯᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠢ ᠪᠠᠷ ᠳᠠᠶᠢᠴᠢᠯᠠᠬᠤ ᠬᠡᠷᠡᠭᠲᠡᠢ᠃ ᠣᠳᠣᠬᠠᠨ ᠳᠤ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠵᠢᠷᠤᠭ ᠲᠥᠯᠥᠪᠯᠡᠭᠡ ᠶᠢᠨ ᠬᠦᠷᠢᠶᠡᠯᠡᠩ ᠲᠠᠢ ᠭᠡᠷ᠎ᠡ ᠲᠣᠭᠲᠠᠵᠤ᠂ ᠲᠡᠭᠦᠨ ᠳᠤ ᠨᠠᠶᠢᠳᠠᠵᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠶᠤᠨᠲᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠵᠢᠨ‌‍ᠲ᠋ᠦ᠋ᠷᠦᠯ ᠵᠦᠢᠯ ᠤᠨ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠯᠭᠠᠬᠤ ᠶᠢᠨ ᠬᠠᠮᠲᠤ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ ᠤᠶᠤᠨᠲᠤ ᠬᠦᠷᠢᠶᠡᠯᠡᠩ ᠲᠣᠭᠤᠷᠢᠭ ᠤᠨ ᠬᠥᠲᠥᠯᠥᠨ ᠵᠢᠯᠣᠭᠤᠳᠬᠤ ᠪᠠᠯᠠ ᠮᠥᠩᠭᠦ ᠶᠢ ᠢᠳᠡᠪᠬᠢᠯᠡᠨ ᠣᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号