ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠄ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠬᠦᠴᠦᠷᠬᠡᠭᠵᠢᠭᠦᠯᠬᠦ ᠳᠤ  ︽ᠬᠦᠴᠦ ᠨᠡᠮᠡᠷᠢᠯᠡᠨ᠎ᠡ︾
ᠨᠡᠶᠢᠲᠡᠯᠡᠭᠰᠡᠨ ᠴᠠᠭ᠄
2021/10/13
     ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ︵ᠳᠣᠷᠣᠭᠰᠢ ᠳᠠᠷᠬᠠᠨ ᠮᠤᠤᠮᠢᠩᠭᠠᠨ ᠬᠤᠰᠢᠭᠤ ᠭᠡᠵᠦ ᠲᠣᠪᠴᠢᠯᠠᠨ᠎ᠠ︶ ᠶᠢᠨ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠨᠡᠶᠢᠭᠡᠮ ᠲᠣᠭᠤᠷᠢᠭ ᠤᠨ ᠬᠤᠭᠤᠷᠣᠨᠳᠣᠬᠢ ᠬᠠᠷᠢᠯᠴᠠᠨ ᠬᠤᠯᠪᠣᠭᠠᠯᠠᠵᠤ ᠬᠠᠷᠢᠯᠴᠠᠨ ᠬᠥᠳᠡᠯᠦᠯᠴᠡᠬᠦ᠂ ᠬᠠᠷᠢᠯᠴᠠᠨ ᠰᠤᠷᠤᠯᠴᠠᠵᠤ ᠬᠠᠷᠢᠯᠴᠠᠨ ᠠᠳᠠᠯᠢᠳᠬᠠᠬᠤ ᠶᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ︽ᠲᠥᠪᠯᠡᠷᠡᠭᠦᠯᠦᠨ ᠰᠤᠷᠤᠯᠴᠠᠬᠤ + ᠲᠤᠬᠠᠶ ᠶᠢᠨ ᠲᠠᠯᠠᠪᠤᠷ ᠲᠤ ᠲᠣᠭᠤᠷᠢᠨ ᠦᠵᠡᠬᠦ + ᠶᠠᠷᠢᠯᠴᠠᠨ ᠰᠣᠯᠢᠯᠴᠠᠬᠤ + ᠲᠤᠰᠢᠶᠠᠯ ᠤᠨ ᠮᠡᠳᠡᠭᠦᠯᠦᠯᠲᠡ ᠬᠢᠵᠦ ᠦᠨᠡᠯᠡᠨ ᠶᠠᠷᠢᠯᠴᠠᠬᠤ︾ ᠪᠠᠷ ᠠᠵᠢᠯ ᠤᠨ ᠠᠴᠢᠶᠠᠯᠠᠪᠤᠷᠢ ᠪᠣᠯᠭᠠᠵᠤ᠂ ᠲᠥᠷᠥᠭᠳᠡᠯ ᠢᠶᠠᠨ ᠶᠠᠷᠢᠯᠴᠠᠬᠤ᠂ ᠠᠬᠢᠴᠠ ᠶᠢ ᠶᠠᠷᠢᠯᠴᠠᠬᠤ᠂ ᠠᠰᠠᠭᠤᠳᠠᠯ ᠢ ᠶᠠᠷᠢᠯᠴᠠᠬᠤ᠂ ᠰᠡᠳᠬᠢᠴᠡ ᠪᠠᠨ ᠶᠠᠷᠢᠯᠴᠠᠬᠤ ︽ᠳᠥᠷᠪᠡᠨ ᠶᠠᠷᠢᠯᠴᠠᠭ᠎ᠠ︾ ᠪᠠᠷ ᠭᠠᠷᠳᠠᠴᠠ ᠪᠣᠯᠭᠠᠵᠤ᠂ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠳᠤ ︽ᠬᠦᠴᠦ ᠨᠡᠮᠡᠷᠢᠯᠡᠨ᠎ᠡ︾᠃      ᠬᠤᠷᠠᠯ ᠢᠶᠠᠷ ᠪᠣᠯᠪᠠᠰᠤᠷᠠᠯ ᠢ ᠣᠷᠣᠯᠠᠭᠤᠯᠵᠤ ᠴᠢᠳᠠᠪᠤᠷᠢ ᠪᠠᠨ ᠳᠡᠭᠡᠭᠰᠢᠯᠡᠭᠦᠯᠵᠦ᠂ ᠳᠠᠬᠢᠨ ᠰᠤᠷᠤᠯᠴᠠᠬᠤ᠃ ᠨᠠᠮ ᠤᠨ ᠲᠥᠪ ᠬᠤᠷᠢᠶ᠎ᠠ ᠶᠢ ᠣᠨᠣᠪᠴᠢᠲᠠᠶ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠵᠣᠷᠢᠭ ᠰᠠᠨᠠᠭᠠᠨ ᠤ ᠲᠤᠬᠠᠶ ᠱᠠᠭᠠᠷᠳᠠᠯᠭ᠎ᠠ᠂ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠭᠤᠯᠤᠭᠳᠠᠬᠤᠨ ᠢ ᠭᠦᠨᠵᠡᠭᠡᠶ ᠣᠶᠢᠯᠠᠭᠠᠬᠤ ᠬᠡᠷᠡᠭᠲᠡᠶ᠂ ᠰᠦᠯᠵᠢᠶᠡᠨ ᠤ ᠭᠠᠳᠠᠨ᠎ᠠ ᠲᠥᠪᠯᠡᠷᠡᠭᠦᠯᠦᠨ ᠰᠤᠷᠬᠤ᠂ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠠᠷᠭ᠎ᠠ ᠮᠠᠶ᠋ᠢᠭ᠂ ᠪᠦᠬᠦ ᠤᠯᠤᠰ ᠤᠨ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠬᠠᠷᠢᠴᠠᠭᠤᠯᠤᠨ ᠰᠤᠷᠤᠯᠴᠠᠬᠤ᠂ ᠪᠦᠬᠦ ᠣᠷᠣᠨ ᠤ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠡᠷᠢᠭᠦᠨ ᠤ ᠬᠢᠳᠡᠯ᠂ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠮᠡᠳᠡᠪᠡᠯ ᠵᠣᠬᠢᠬᠤ ᠮᠡᠳᠡᠯᠭᠡ ᠶᠢ ᠰᠢᠰᠲ᠋ᠧᠮ ᠲᠠᠢ ᠰᠤᠷᠤᠯᠴᠠᠨ᠎ᠠ ᠂ ᠪᠤᠭᠤᠲᠤ ᠬᠤᠲᠠ ᠶᠢᠨ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠢ ᠭᠦᠨᠵᠡᠭᠡᠶ ᠰᠤᠷᠤᠯᠴᠠᠶ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠳᠥᠷᠪᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ᠂ ᠬᠥᠨᠳᠡᠯᠡᠨ ᠭᠤᠯᠳᠤ ᠴᠢᠭᠯᠡᠯ ᠢᠶᠠᠷ ᠪᠠᠷᠢᠮᠵᠢᠶᠠᠯᠠᠨ ᠬᠠᠷᠭᠤᠭᠤᠯᠬᠤ᠂ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯᠲᠠᠨ ᠤ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠭᠤᠯᠭ᠎ᠠ ᠶᠢ ᠰᠤᠷᠤᠯᠴᠠᠬᠤ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠣᠳᠣᠬᠠᠨ ᠪᠣᠯᠲᠠᠯ᠎ᠠ 180 ᠤᠳᠠᠭ᠎ᠠ ᠰᠤᠷᠤᠯᠴᠠᠭᠤᠯᠵᠤ᠂ 16 ᠤᠳᠠᠭ᠎ᠠ ᠲᠥᠪᠯᠡᠷᠡᠭᠦᠯᠦᠨ ᠰᠤᠷᠤᠯᠴᠠᠭᠤᠯᠪᠠ᠃      ᠲᠣᠭᠤᠷᠢᠨ ᠦᠵᠡᠬᠦ ᠨᠢ ᠬᠢᠷᠢ ᠪᠦᠲᠦᠮᠵᠢ ᠪᠠᠨ ᠠᠳᠠᠯᠢᠳᠬᠠᠵᠤ᠂ ᠳᠠᠬᠢᠨ ᠳᠡᠭᠡᠭᠰᠢᠯᠡᠨ᠎ᠡ᠃ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯᠲᠠᠨ ᠤ ᠰᠡᠳᠬᠢᠴᠡ ᠶᠢ ᠤᠯᠠᠮ ᠨᠢᠭᠡ ᠠᠯᠬᠤᠮ ᠥᠷᠭᠡᠳᠬᠡᠵᠦ᠂ ᠲᠡᠷᠢᠭᠦᠨ ᠤ ᠬᠢ ᠠᠴᠠ ᠰᠤᠷᠤᠯᠴᠠᠵᠤ ᠬᠦᠷᠦᠯᠴᠡᠬᠦ ᠥᠬᠡᠶ ᠲᠠᠯ᠎ᠠ ᠪᠠᠨ ᠪᠠᠶᠢᠴᠠᠭᠠᠨ ᠳᠤᠲᠠᠭᠤᠳᠠᠯ ᠢ ᠨᠥᠬᠦᠪᠥᠷᠢᠯᠡᠬᠦ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ 8 ᠰᠠᠷ᠎ᠠ ᠶᠢᠨ 6 ᠤ ᠡᠳᠦᠷ ᠨᠡᠶᠢᠭᠡᠮ ᠲᠣᠭᠤᠷᠢᠭ ᠤᠨ ᠠᠵᠢᠯᠲᠠᠨ ᠢ ᠵᠣᠬᠢᠶᠠᠨ ᠪᠠᠶᠢᠭᠤᠯᠵᠤ ᠪᠥᠬᠦ ᠬᠤᠰᠢᠭᠤᠨ ᠤ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠤᠨ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ ᠳᠡᠭᠡᠷ᠎ᠡ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠤᠬᠠᠶ ᠶᠢᠨ ᠲᠠᠯᠠᠪᠠᠶ ᠳᠤ ᠲᠤᠰᠢᠶᠠᠯ ᠤᠨ ᠮᠡᠳᠡᠭᠦᠯᠦᠯᠲᠡ ᠬᠢᠭᠰᠡᠨ ᠪᠥᠭᠡᠳ ᠨᠠᠮ ᠤᠨ ᠬᠤᠷᠢᠶᠠᠨ ᠤ ᠪᠦᠷᠢᠯᠳᠦᠬᠦᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠲᠠᠢ ᠬᠠᠮᠲᠤᠷᠠᠨ ᠬᠠᠷᠢᠯᠴᠠᠨ ᠬᠤᠯᠪᠣᠭᠠᠯᠠᠵᠤ ᠦᠨᠡᠯᠡᠯᠲᠡ ᠬᠢᠪᠠ᠃ 9 ᠰᠠᠷ᠎ᠠ ᠶᠢᠨ 27 ᠤ ᠡᠳᠦᠷ ᠪᠥᠬᠦ ᠬᠤᠰᠢᠭᠤᠨ ᠤ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠬᠤᠶ ᠲᠠᠯᠠᠪᠠᠶ ᠶᠢᠨ ᠲᠣᠭᠤᠷᠢᠨ ᠦᠵᠡᠬᠦ ᠬᠤᠷᠠᠯ ᠬᠢᠵᠦ᠂ ᠤᠷᠢᠳ ᠬᠤᠵᠢᠳ ᠱᠤᠸᠠᠩ ᠲᠠ ᠵᠡᠭᠡᠯᠢ ᠶᠢᠨ ᠨᠡᠶᠢᠭᠡᠮ ᠲᠣᠭᠤᠷᠢᠭ ᠪᠠ ᠠᠶᠢᠪᠠᠭᠠᠶ ᠵᠡᠭᠡᠯᠢ ᠶᠢᠨ ᠨᠡᠶᠢᠭᠡᠮ ᠲᠣᠭᠤᠷᠢᠭ ᠲᠤ ᠲᠣᠭᠤᠷᠢᠨ ᠦᠵᠡᠵᠦ ᠰᠤᠷᠤᠯᠴᠠᠪᠠ᠃ ᠲᠣᠭᠤᠷᠢᠨ ᠦᠵᠡᠭᠰᠡᠨ 2 ᠨᠡᠶᠢᠭᠡᠮ ᠲᠣᠭᠤᠷᠢᠭ ᠨᠢ ᠲᠣᠰ ᠲᠣᠰ ᠤᠨ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠵᠢᠴᠢ ᠲᠤᠷᠰᠢᠯᠭ᠎ᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠢᠯᠡᠷᠡᠭᠦᠯᠵᠦ᠂ ᠪᠤᠰᠤᠳ ᠨᠡᠶᠢᠭᠡᠮ ᠲᠣᠭᠤᠷᠢᠭ ᠤᠨ ᠰᠤᠷᠤᠯᠴᠠᠨ ᠲᠣᠯᠢᠳᠠᠬᠤ ᠳᠤ ᠲᠤᠷᠰᠢᠯᠭ᠎ᠠ ᠵᠢᠷᠤᠮᠯᠠᠯ ᠬᠠᠩᠭᠠᠪᠠ᠃      ᠶᠠᠷᠢᠯᠴᠠᠭ᠎ᠠ ᠨᠢ ᠰᠡᠳᠬᠢᠴᠡ ᠪᠠᠨ ᠰᠣᠯᠢᠯᠴᠠᠵᠤ᠂ ᠳᠠᠬᠢᠨ ᠪᠠᠶᠢᠷᠢᠯᠠᠭᠤᠯᠤᠯᠲᠠ ᠬᠢᠪᠡ᠃ ᠡᠯ᠎ᠡ ᠨᠡᠶᠢᠭᠡᠮ ᠲᠣᠭᠤᠷᠢᠭ ᠨᠢ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ ᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠰᠦᠪᠡᠭᠴᠢᠯᠡᠨ ᠦᠶ᠋ᠯᠡᠳᠦᠯᠭᠡᠵᠢᠭᠦᠯᠵᠦ᠂ ᠨᠠᠮ ᠪᠠ ᠣᠯᠠᠨ ᠲᠦᠮᠡᠨ ᠤ ᠦᠶ᠋ᠯᠡᠴᠢᠯᠡᠭᠡᠨ ᠤ ᠲᠥᠪ ᠤᠨ ᠦᠶ᠋ᠯᠡᠴᠢᠯᠡᠭᠡᠨ ᠤ ᠴᠢᠳᠠᠮᠵᠢ ᠶᠢᠨ ᠲᠣᠬᠢᠷᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠨᠢᠭᠡᠴᠢ᠂ ᠠᠵᠢᠯ ᠲᠥᠷᠥᠯ ᠤᠨ ᠨᠠᠮ ᠤᠨ ᠵᠣᠬᠢᠶᠠᠨ ᠪᠠᠶᠢᠭᠤᠯᠤᠯᠲᠠ ᠯᠤᠭ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ ᠬᠥᠳᠡᠯᠦᠯᠴᠡᠬᠦ ᠵᠢᠴᠢ ︽ᠬᠤᠪᠢᠰᠬᠠᠯ ᠤᠨ ᠠᠳᠠᠯ ᠠᠬᠤᠶ︾ ᠶᠢ ᠡᠭᠦᠳᠦᠨ ᠪᠠᠶᠢᠭᠤᠯᠬᠤ ᠵᠡᠷᠭᠡ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠡᠭᠦᠷᠭᠡ ᠶᠢ ᠪᠠᠶᠢᠩᠭᠤᠵᠢᠭᠤᠯᠤᠨ ᠪᠣᠳᠣᠯ ᠰᠠᠨᠠᠭ᠎ᠠ ᠪᠠᠨ ᠶᠠᠷᠢᠯᠴᠠᠬᠤ᠂ ᠰᠡᠳᠬᠢᠴᠡ ᠪᠠᠨ ᠳᠡᠯᠭᠡᠬᠦ᠂ ᠠᠷᠭ᠎ᠠ ᠬᠡᠮᠵᠢᠶ᠎ᠡ ᠳᠤᠷᠠᠳᠬᠤ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠬᠥᠳᠡᠯᠦᠯᠴᠡᠬᠦ᠂ ᠬᠠᠮᠲᠤ ᠪᠠᠷ ᠠᠭᠤᠰᠤᠯᠴᠠᠨ ᠬᠠᠷᠢᠯᠴᠠᠨ ᠠᠬᠢᠭᠤᠯᠬᠤ ᠶᠢ ᠪᠦᠲᠦᠮᠵᠢᠲᠡᠶ ᠠᠬᠢᠭᠤᠯᠤᠨ᠎ᠠ᠃ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠨᠡᠶᠢᠭᠡᠮ ᠲᠣᠭᠤᠷᠢᠭ ᠤᠨ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠥᠳᠡᠯᠦᠯ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠨᠡᠶᠢᠭᠡᠮ ᠲᠣᠭᠤᠷᠢᠭ ᠤᠨ ᠳᠦᠷᠢᠮᠵᠢᠭᠦᠯᠦᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠬᠦᠴᠦ ᠪᠠᠨ ᠲᠥᠪᠯᠡᠷᠡᠭᠦᠯᠦᠨ ᠠᠬᠢᠭᠤᠯᠵᠤ᠂ ᠥᠪᠡᠷᠮᠢᠴᠡ ᠣᠨᠴᠠᠯᠢᠭ ᠪᠥᠬᠦᠶ ᠬᠢᠯᠠᠰ ᠴᠡᠭ ᠢ ᠢᠳᠡᠪᠬᠢᠲᠡᠶ ᠠᠭᠤᠳᠠᠯᠤᠨ᠂ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠨᠠᠩ ᠬᠠᠯᠠᠭᠤᠨ ᠳᠤᠯᠠᠭᠠᠨ᠂ ᠬᠠᠮᠢᠶᠠᠷᠤᠯᠲᠠ ᠶᠢᠨ ᠠᠵᠢᠯᠯᠠᠭᠠᠨ ᠢ ᠨᠠᠩ ᠥᠨᠳᠥᠷ ᠪᠦᠲᠦᠮᠵᠢᠲᠡᠶ᠂ ᠰᠠᠭᠤᠭᠠᠯᠢ ᠠᠷᠠᠳ ᠤᠨ ᠠᠮᠢᠳᠤᠷᠠᠯ ᠢ ᠨᠠᠩ ᠲᠠᠭᠠᠯᠠᠮᠵᠢᠲᠠᠶ ᠪᠥᠭᠡᠳ ᠬᠠᠨᠤᠮᠵᠢᠲᠠᠶ ᠪᠣᠯᠭᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号