ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠤᠨ ᠰᠢᠷᠢᠰ ᠠᠵᠢᠯᠯᠠᠭ᠎ᠠ ᠡᠬᠢᠯᠡᠪᠡ︕
ᠨᠡᠶᠢᠲᠡᠯᠡᠭᠰᠡᠨ ᠴᠠᠭ᠄
2021/10/13
     10 ᠰᠠᠷ᠎ᠠ ᠶᠢᠨ 12 ᠤᠨ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠵᠢᠴᠢ ᠰᠦᠯᠵᠢᠶᠡᠨ ᠤ ᠠᠮᠤᠷ ᠲᠦᠪᠰᠢᠨ ᠪᠠ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠠᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠬᠤᠷᠠᠯ ᠤᠨ ᠶᠠᠪᠤᠳᠠᠯ ᠤᠨ ᠲᠥᠪ ᠤᠨ ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠬᠡᠷ ᠲᠤ ᠶᠠᠪᠤᠭᠳᠠᠵᠤ᠂ ︽ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠥᠯᠥᠭᠡ᠂ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠬᠦ︾ ᠪᠠᠷ ᠭᠤᠤᠯ ᠰᠡᠳᠦᠪ ᠪᠣᠯᠭᠠᠭᠰᠠᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 2021 ᠣᠨ ᠤ ︽ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢᠨ ᠬᠥᠰᠢᠭᠡ ᠶᠢ ᠰᠡᠬᠦᠪᠡ᠃ ᠡᠯ᠎ᠡ ᠰᠤᠮᠤ ᠰᠢᠶᠠᠩ ᠪᠠᠯᠭᠠᠰᠤ ᠶᠢᠨ ᠤᠬᠠᠭᠤᠯᠬᠤ ᠭᠡᠰᠢᠭᠦᠨ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠢᠴᠢ ᠠᠵᠢᠯᠲᠠᠨ 160 ᠭᠠᠷᠤᠶ ᠬᠥᠮᠦᠨ ᠲᠤᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠪᠠ᠃
      ᠪᠣᠯᠪᠠᠰᠤᠷᠠᠭᠤᠯᠤᠯ ᠤᠨ ᠬᠤᠷᠠᠯ ᠠᠴᠠ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠰᠦᠯᠵᠢᠶᠡᠨ ᠤ ᠠᠮᠤᠷ ᠲᠦᠪᠰᠢᠨ ᠤ ᠶᠡᠷᠦᠩᠬᠡᠶ ᠠᠩᠭᠢ ᠶᠢᠨ ᠠᠮᠤᠷ ᠲᠦᠪᠰᠢᠨ ᠤ ᠲᠤᠰᠬᠠᠶ ᠮᠡᠷᠭᠡᠵᠢᠯᠲᠡᠨ ᠶᠣᠣ ᠰᠢᠩ ᠪᠠᠭᠰᠢ ᠶᠢ ᠣᠨᠴᠠ ᠤᠷᠢᠵᠤ ᠮᠡᠳᠡᠭᠡ ᠵᠠᠩᠭᠢ ᠶᠢᠨ ᠠᠮᠤᠷ ᠲᠦᠪᠰᠢᠨ ᠤ ᠤᠬᠠᠮᠰᠠᠷ ᠵᠢᠴᠢ ᠰᠡᠷᠭᠡᠶᠢᠯᠡᠬᠦ ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠯᠭᠡᠵᠦ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠨ ᠳᠡᠯᠭᠡᠷᠡᠭᠦᠯᠵᠦ᠂ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠣᠨᠴᠠ ᠤᠷᠢᠭᠰᠠᠨ ᠲᠤᠩ ᠰᠢᠶᠦ᠋ᠨ ᠥᠪᠥᠷ ᠮᠣᠩᠭᠤᠯ ᠤᠨ ᠶᠠᠪᠠᠭᠠᠨ ᠭᠠᠯᠠᠭᠤ ᠰᠢᠨ᠎ᠡ ᠵᠠᠭᠤᠴᠢᠯᠠᠭᠤᠷ ᠤᠨ ᠳᠡᠭᠡᠳᠦ ᠰᠤᠷᠭᠠᠭᠤᠯᠢ ᠶᠢᠨ ᠨᠠᠷᠢᠨ ᠪᠢᠴᠢᠭ ᠤᠨ ᠳᠠᠷᠤᠭ᠎ᠠ ᠯᠢ ᠹᠸᠢ ᠪᠠᠭᠰᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠪᠠ  ᠰᠢᠢᠳᠪᠦᠷᠢᠯᠡᠬᠦ ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠵᠦ᠂ ᠣᠨᠣᠯ ᠤᠨ ᠮᠡᠳᠡᠯᠭᠡ ᠪᠠ ᠦᠨᠡᠨ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ  ᠰᠢᠢᠳᠪᠦᠷᠢᠯᠡᠬᠦ ᠲᠤᠬᠠᠶ ᠨᠠᠷᠢᠨ ᠲᠠᠶᠢᠯᠤᠮᠵᠢ ᠪᠠ ᠨᠠᠷᠢᠨ ᠲᠣᠳᠣᠷᠬᠠᠶ ᠵᠠᠳᠠᠯᠤᠯᠲᠠ ᠬᠢᠪᠠ᠃ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠪᠣᠯᠪᠠᠰᠤᠷᠠᠭᠤᠯᠤᠯ ᠤᠨ ᠠᠵᠢᠯᠲᠠᠨ ᠰᠢᠨ᠎ᠡ ᠵᠠᠭᠤᠴᠢᠯᠠᠭᠤᠷ ᠤᠨ ᠠᠬᠤᠶ ᠪᠠᠶᠢᠳᠠᠯ ᠳᠤᠤᠷ᠎ᠠ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢ ᠬᠡᠷᠬᠢᠨ ᠰᠠᠶᠢᠲᠤᠷ ᠬᠢᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠠᠶᠢᠲᠤᠷ  ᠰᠢᠢᠳᠪᠦᠷᠢᠯᠡᠬᠦ ᠪᠠ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠬᠤ ᠲᠠᠯ᠎ᠠ ᠪᠠᠷ ᠲᠣᠳᠣᠷᠬᠠᠶ ᠲᠠᠨᠢᠯᠲᠠ ᠪᠠ ᠣᠶᠢᠯᠠᠭᠠᠯᠲᠠ ᠲᠠᠢ ᠪᠣᠯᠵᠠᠶ᠃
      ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠰᠢᠤᠢ ᠶᠠᠷᠢᠶᠠᠨ ᠳᠠᠭᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠦᠯᠵᠢᠶᠡᠨ ᠤ ᠠᠮᠤᠷ ᠲᠦᠪᠰᠢᠨ ᠤ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠬᠤ ᠬᠡᠷᠡᠭᠲᠡᠶ︔ ᠥᠷᠭᠡᠨ ᠢᠶᠠᠷ ᠲᠠᠶᠢᠴᠢᠯᠠᠵᠥ᠂ ᠪᠦᠬᠦ ᠠᠷᠠᠳ ᠢᠶᠠᠷ ᠢᠶᠠᠨ ᠣᠷᠣᠯᠴᠠᠵᠤ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠦᠨᠡᠨ ᠬᠦ ᠲᠦᠭᠡᠮᠡᠯᠵᠢᠭᠦᠯᠵᠦ᠂ ᠪᠦᠬᠦ ᠨᠡᠶᠢᠭᠡᠮ ᠢᠶᠠᠷ ᠢᠶᠠᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠴᠣᠭᠴᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ︔ ᠦᠵᠡᠯ ᠤᠬᠠᠮᠰᠠᠷ ᠤᠨ ᠬᠡᠯᠪᠡᠷᠢ ᠶᠢᠨ ᠪᠠᠬᠢᠯᠡᠯᠲᠡ ᠶᠢ ᠰᠠᠶᠢᠲᠤᠷ ᠰᠠᠬᠢᠵᠤ᠂ ᠡᠬᠡ ᠤᠯᠤᠰ ᠤᠨ ᠤᠮᠠᠷᠠᠲᠤ ᠶᠢᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ᠃
      ᠦᠳᠡ ᠶᠢᠨ ᠬᠤᠶᠢᠨ᠎ᠠ᠂ ︽ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ︾ ᠤᠨ ᠰᠤᠷᠭᠠᠭᠤᠯᠢ ᠶᠢᠨ ᠬᠦᠷᠢᠶᠡᠨ ᠤ ᠡᠳᠦᠷ ᠤᠨ ᠭᠤᠤᠯ ᠰᠡᠳᠦᠪᠲᠦ ᠠᠵᠢᠯᠯᠠᠭ᠎ᠠ ᠪᠠᠲᠤᠬᠠᠭᠠᠯᠭ᠎ᠠ ᠳᠤᠮᠳᠠᠳᠤ ᠰᠤᠷᠭᠠᠭᠤᠯᠢ ᠳᠤ ᠨᠢᠭᠡᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠳᠠᠭᠤᠤ RAP ︽ᠨᠢᠳᠦ ᠠᠷᠴᠢᠬᠤ︾ ᠪᠠᠷ ᠬᠥᠰᠢᠭᠡ ᠪᠠᠨ ᠰᠡᠬᠦᠪᠡ᠂ ᠡᠨᠡ ᠬᠤᠭᠤᠴᠠᠭᠠᠨ ᠳᠤ ᠰᠤᠷᠤᠭᠴᠢᠳ ᠪᠠᠰᠠ ᠤᠤᠯ ᠪᠦᠲᠦᠭᠡᠯ ︽ᠲᠡᠯᠡᠶ ᠶᠢᠨ ᠥᠨᠳᠡᠭᠡᠨ ᠴᠠᠭᠠᠰᠤ ᠶᠢ ᠳᠠᠭᠠᠵᠤ ᠬᠠᠤᠯᠢ ᠰᠤᠷᠬᠤ ᠬᠡᠷᠡᠭᠲᠡᠶ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠲᠡᠪᠴᠢᠵᠦ ᠠᠮᠤᠷ ᠲᠦᠪᠰᠢᠨ ᠰᠤᠷᠭᠠᠭᠤᠯᠢ ᠶᠢᠨ ᠬᠦᠷᠢᠶ᠎ᠡ ᠶᠢ ᠰᠠᠬᠢᠨ ᠬᠠᠮᠠᠭᠠᠯᠠᠬᠤ ᠬᠡᠷᠡᠭᠲᠡᠶ︾ ᠭᠡᠬᠦ ᠣᠬᠤᠷ ᠸᠢᠳᠢᠣ᠋ ᠶᠢ ᠦᠵᠡᠵᠦ᠂ ᠵᠠᠯᠠᠭᠤᠴᠤᠳ ᠪᠠᠭᠠᠴᠤᠳ ᠤᠨ ᠪᠠᠭ᠋ᠠᠷᠬᠠᠯ ᠢ ᠶᠡᠬᠡᠳᠡ ᠣᠯᠤᠭᠰᠠᠨ ᠪᠠᠶᠢᠨ᠎ᠠ᠃ ᠳᠠᠷᠠᠭ᠎ᠠ ᠨᠢ᠂ ᠵᠠᠯᠠᠭᠤᠴᠤᠳ ᠪᠠᠭᠠᠴᠤᠳ ᠤᠨ ᠰᠦᠯᠵᠢᠶᠡᠨ ᠳᠤ ᠭᠠᠷᠬᠤ ᠠᠰᠠᠭᠤᠳᠠᠯ ᠳᠤ ᠴᠢᠭᠯᠡᠭᠦᠯᠦᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠲᠠᠶᠢᠯᠤᠮᠵᠢ ᠬᠢᠵᠦ᠂ ᠬᠢᠴᠢᠶᠡᠯ ᠨᠢ ᠠᠮᠢᠳᠤᠷᠠᠯ ᠤᠨ ᠬᠡᠷᠡᠭ ᠤᠨ ᠵᠢᠱᠢᠶ᠎ᠡ ᠪᠠᠷ ᠭᠤᠤᠯ ᠪᠣᠯᠭᠠᠨ᠂ ᠰᠢᠨ᠎ᠡ ᠮᠡᠷᠭᠡᠵᠢᠯ ᠤᠨ ᠰᠡᠩᠬᠡᠷᠡᠭᠦᠯᠦᠯ ᠢ ᠲᠣᠬᠢᠷᠠᠭᠤᠯᠵᠤ᠂ ᠵᠠᠯᠠᠭᠤᠴᠤᠳ ᠪᠠᠭᠠᠴᠤᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠤᠨ ᠰᠦᠯᠵᠢᠶᠡᠨ ᠤ ᠠᠮᠤᠷ ᠲᠦᠪᠰᠢᠨ ᠤ ᠠᠰᠠᠭᠤᠳᠠᠯ ᠢ ᠬᠥᠭᠡᠭᠡᠴᠡᠯᠳᠦᠬᠦ ᠴᠢᠳᠠᠪᠤᠷᠢ ᠶᠢ ᠳᠡᠭᠡᠭᠰᠢᠯᠡᠭᠦᠯᠪᠡ᠃      ᠲᠣᠰ ᠤᠳᠠᠭᠠᠨ ᠤ ᠠᠵᠢᠯᠯᠠᠭ᠎ᠠ ᠪᠠᠷ ᠳᠡᠮᠵ᠊ᠵᠨ᠂ ᠪᠠᠭᠰᠢ ᠰᠤᠷᠤᠭᠴᠢᠳ ᠵᠠᠷᠢᠮ ᠦᠨᠳᠦᠰᠦᠨ ᠰᠦᠯᠵᠢᠶᠡᠨ ᠤ ᠤᠨᠠᠭᠤᠯᠢ ᠶᠢ ᠲᠣᠳᠣᠷᠬᠠᠶ ᠲᠠᠨᠢᠵᠤ ᠮᠡᠬᠡᠯᠡᠯ ᠢ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠦᠭᠰᠡᠨ ᠪᠠᠶᠢᠨ᠎ᠠ᠃ ᠭᠤᠤ ᠱᠧᠩ ᠮᠤᠩ ᠶᠠ ᠷᠦ᠋᠄ ︽ᠬᠤᠶᠢᠰᠢᠳᠠ ᠥᠪᠡᠷ ᠤᠨ ᠬᠤᠪᠢ ᠬᠥᠮᠦᠨ ᠤ ᠮᠡᠳᠡᠭᠡ ᠵᠠᠩᠭᠢ ᠪᠠᠨ ᠨᠡᠶᠢᠭᠡᠮ ᠤᠨ ᠬᠠᠷᠢᠯᠴᠠᠭᠠᠨ ᠤ ᠲᠠᠪᠴᠠᠩ ᠳᠡᠭᠡᠷ᠎ᠡ ᠳᠤᠷ᠎ᠠ ᠪᠠᠷ ᠢᠶᠠᠨ ᠢᠯᠡᠷᠡᠭᠦᠯᠬᠦ ᠦᠭᠡᠢ᠂ ᠰᠦᠯᠵᠢᠶᠡᠨ ᠤ ᠮᠡᠳᠡᠯᠭᠡ ᠪᠠᠨ ᠨᠡᠩ ᠤᠯᠠᠨ ᠬᠥᠮᠦᠨ ᠳᠤ ᠳᠠᠮᠵᠢᠭᠤᠯᠬᠤ ᠪᠣᠯᠤᠨ᠎ᠠ︾ ᠭᠡᠵᠦ ᠬᠡᠯᠡᠪᠡ᠃ ᠰᠤᠷᠤᠭᠴᠢᠳ ᠰᠦᠯᠵᠢᠶᠡᠨ ᠳᠤ ᠭᠠᠷᠬᠤ ᠵᠥᠪ ᠤᠬᠠᠮᠰᠠᠷ ᠢ ᠪᠣᠶ ᠪᠣᠯᠭᠠᠵᠤ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠥᠷᠭᠡᠨ ᠣᠯᠠᠨ ᠪᠠᠭᠰᠢ ᠰᠤᠷᠤᠭᠴᠢᠳ ᠤᠨ ᠰᠡᠳᠬᠢᠯ ᠳᠤ ᠬᠠᠳᠠᠩᠰᠢᠭᠤᠯᠵᠤ᠂ ᠰᠤᠷᠭᠠᠭᠤᠯᠢ ᠶᠢᠨ ᠬᠦᠷᠢᠶᠡᠨ ᠳᠤ ᠰᠦᠯᠵᠢᠶᠡᠨ ᠤ ᠠᠮᠤᠷ ᠲᠦᠪᠰᠢᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃      ᠠᠵᠢᠯᠯᠠᠭ᠎ᠠ ᠶᠢᠨ ᠬᠤᠭᠤᠴᠠᠭᠠᠨ ᠳᠤ᠂ ᠪᠠᠰᠠ ᠥᠷᠭᠡᠨ ᠣᠯᠠᠨ ᠲᠦᠮᠡᠨ᠂ ᠺᠠᠳ᠋ᠷ ᠠᠵᠢᠯᠲᠠᠨ ᠠᠵᠢᠯᠴᠢᠨ᠂ ᠪᠠᠭᠰᠢ ᠰᠤᠷᠤᠭᠴᠢᠳ ᠲᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠬᠠᠭᠤᠳᠠᠰᠤ 800 ᠭᠠᠷᠤᠶ ᠬᠤᠪᠢ ᠲᠠᠷᠬᠠᠭᠠᠪᠠ᠃      ᠵᠠᠯᠭᠠᠭᠠᠳ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠰᠦᠯᠵᠢᠶᠡᠨ ᠤ ᠠᠮᠤᠷ ᠲᠦᠪᠰᠢᠨ ᠤ ᠭᠤᠤᠯ ᠰᠡᠳᠦᠪᠲᠦ ᠭᠠᠷᠠᠭ︾ ᠪᠠᠰᠠ ᠰᠤᠷᠭᠠᠭᠤᠯᠢ ᠶᠢᠨ ᠬᠦᠷᠢᠶᠡᠨ ᠤ ᠡᠳᠦᠷ ᠢ ᠵᠠᠯᠭᠠᠭ᠎ᠠ ᠪᠠᠷ ᠵᠣᠬᠢᠶᠠᠨ ᠪᠠᠶᠢᠭᠤᠯᠵᠤ ᠥᠷᠨᠢᠭᠦᠯᠬᠦ ᠪᠣᠯᠤᠨ᠎ᠠ᠂ ᠴᠠᠬᠢᠯᠭᠠᠨ ᠬᠤᠯᠪᠣᠭᠠᠨ ᠤ ᠡᠳᠦᠷ᠂ ᠬᠠᠤᠯᠢ ᠪᠠᠷ ᠵᠠᠰᠠᠬᠤ ᠡᠳᠦᠷ᠂ ᠮᠥᠩᠭᠦᠨ ᠭᠦᠢᠯᠭᠡᠭᠡᠨ ᠤ ᠡᠳᠦᠷ᠂ ᠵᠠᠯᠠᠭᠤᠴᠤᠳ ᠪᠠᠭᠠᠴᠤᠳ ᠤᠨ ᠡᠳᠦᠷ ᠪᠠ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠡᠳᠦᠷ ᠤᠨ ᠵᠢᠷᠭᠤᠭᠠᠨ ᠶᠡᠭᠡ ᠭᠤᠤᠯ ᠰᠡᠳᠦᠪᠲᠦ ᠡᠳᠦᠷ ᠤᠨ ᠠᠵᠢᠯᠯᠠᠭ᠎ᠠ᠂ ᠤᠯᠠᠨ ᠬᠡᠮᠵᠢᠴᠡ᠂ ᠪᠡᠶᠡᠲᠦᠯᠡᠬᠦ᠂ ︽ᠰᠦᠯᠵᠢᠶᠡᠨ ᠤ ᠠᠮᠤᠷ ᠲᠦᠪᠰᠢᠨ ᠤ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠰᠢᠰᠲ᠋ᠧᠮ ᠲᠠᠢ ᠤᠬᠠᠭᠤᠯᠬᠤ ᠬᠡᠷᠡᠭᠲᠡᠶ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠬᠦ᠂ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ ᠶᠢ ᠤᠯᠠᠮ ᠨᠢᠭᠡ ᠠᠯᠬᠤᠮ ᠠᠬᠢᠭᠤᠯᠤᠨ᠎ᠠ᠂ ᠠᠵᠤ ᠠᠬᠤᠶᠢᠯᠠᠯ ᠳᠤ ᠣᠷᠣᠭᠤᠯᠬᠤ᠂ ᠠᠯᠪᠠᠨ ᠪᠠᠶᠢᠭᠤᠯᠭ᠎ᠠ ᠳᠤ ᠣᠷᠣᠬᠤ᠂ ᠰᠤᠷᠭᠠᠭᠤᠯᠢ ᠶᠢᠨ ᠬᠦᠷᠢᠶᠡᠨ ᠳᠤ ᠣᠷᠣᠬᠤ᠂ ᠴᠡᠷᠢᠭ ᠤᠨ ᠬᠤᠸᠠᠷᠠᠨ ᠳᠤ ᠣᠷᠣᠬᠤ᠂ ᠭᠡᠷ ᠲᠤ ᠣᠷᠣᠬᠤ᠂ ᠥᠷᠭᠡᠨ ᠣᠯᠠᠨ ᠲᠦᠮᠡᠨ ᠤ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠨ᠎ᠠ᠂ ᠰᠡᠷᠭᠡᠶᠢᠯᠡᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ᠂ ᠬᠤᠪᠢ ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠂ ᠲᠣᠰ ᠪᠡᠶ᠎ᠡ ᠶᠢᠨ ᠰᠦᠯᠵᠢᠶᠡᠨ ᠤ ᠣᠷᠣᠨ ᠵᠠᠶ ᠳᠠᠬᠢ ᠬᠠᠤᠯᠢ ᠶᠣᠰᠣᠨ ᠤ ᠡᠷᠬᠡ ᠠᠰᠢᠭ ᠢᠶᠠᠨ ᠬᠠᠤᠯᠢ ᠶᠣᠰᠣᠭᠠᠷ ᠬᠠᠮᠠᠭᠠᠯᠠᠨ᠎ᠠ᠂ ᠨᠡᠶᠢᠭᠡᠮ ᠳᠠᠶᠠᠭᠠᠷ ᠲᠤ ᠠᠮᠤᠷ ᠲᠦᠪᠰᠢᠨ ᠢ ᠶᠡᠭᠡ ᠪᠠᠷ ᠪᠤᠢ ᠪᠣᠯᠭᠠᠬᠤ ᠬᠡᠷᠡᠭᠲᠡᠶ᠂ ᠡᠷᠡᠭᠦᠯ ᠴᠢᠭᠢᠷᠠᠭ᠂ ᠪᠣᠯᠪᠠᠰᠤᠨ ᠰᠦᠯᠵᠢᠶᠡᠨ ᠤ ᠣᠷᠴᠢᠨ ᠲᠣᠭᠤᠷᠢᠨ ᠢ ᠪᠤᠢ ᠪᠤᠯᠭᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号