ᠥᠨᠥᠳᠦᠷ ᠠᠴᠠ ᠡᠬᠢᠯᠡᠨ ᠢᠯᠴᠢ ᠵᠢᠩᠬᠢᠨᠢ ᠪᠠᠷ ᠬᠠᠩᠭᠠᠵᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠠᠯᠠᠭᠤᠨ ᠳᠤᠯᠠᠭᠠᠨ ᠬᠡᠪ ᠵᠠᠭᠪᠤᠷ ᠢ ᠡᠬᠢᠯᠡᠭᠦᠯᠦᠨ᠎ᠡ
ᠨᠡᠶᠢᠲᠡᠯᠡᠭᠰᠡᠨ ᠴᠠᠭ᠄
2021/10/13
     ᠬᠦᠢᠲᠡᠨ ᠤᠷᠤᠰᠬᠠᠯ ᠤᠨ ᠨᠥᠯᠥᠭᠡ ᠪᠠᠷ ᠡᠨᠡ ᠬᠡᠳᠦᠨ ᠡᠳᠦᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠭᠠᠷ ᠤᠨ ᠳᠤᠯᠠᠭᠠᠨ ᠦᠷᠭᠦᠯᠵᠢᠯᠡᠨ ᠳᠣᠷᠣᠭᠰᠢᠯᠠᠵᠤ᠂ ᠡᠨᠡ ᠡᠪᠦᠯ ᠤᠨ ᠳᠤᠯᠠᠭᠠᠯᠭ᠎ᠠ ᠶᠢᠨ ᠪᠠᠶᠢᠳᠠᠯ ᠨᠢ ᠰᠠᠭᠤᠭᠠᠯᠢ ᠠᠷᠠᠳ ᠤᠨ ᠠᠩᠬᠠᠷᠤᠯ ᠤᠨ ᠲᠥᠪ ᠪᠣᠯᠵᠠᠶ᠃ ᠴᠠᠭ ᠠᠭᠤᠷ ᠤᠨ ᠪᠠᠶᠢᠳᠠᠯ ᠢ ᠦᠨᠳᠦᠰᠦᠯᠡᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠯ᠎ᠡ ᠢᠯᠴᠢ ᠶᠢᠨ ᠬᠦᠴᠦᠨ ᠤ ᠺᠣᠮᠫᠠᠨᠢ ᠨᠢᠭᠡᠨᠲᠡ 10 ᠰᠠᠷ᠎ᠠ ᠶᠢᠨ 9 ᠤ ᠡᠳᠦᠷ ᠵᠤᠤᠬ᠎ᠠ ᠪᠠᠨ ᠭᠠᠯᠳᠠᠵᠤ᠂ 10 ᠰᠠᠷ᠎ᠠ ᠶᠢᠨ 10 ᠤ ᠡᠳᠦᠷ ᠠᠴᠠ ᠡᠬᠢᠯᠡᠨ ᠵᠠᠯᠭᠠᠭ᠎ᠠ ᠪᠠᠷ ᠡᠯ᠎ᠡ ᠢᠯᠴᠢ ᠰᠣᠯᠢᠬᠤ ᠥᠷᠲᠡᠭᠡ ᠳᠤ ᠢᠯᠴᠢ ᠬᠦᠷᠭᠡᠨ᠎ᠡ᠃
     ᠣᠶᠢᠯᠠᠭᠠᠭᠰᠠᠨ ᠢᠶᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳ᠋ᠢᠩ ᠲᠠᠢ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢᠭᠡᠨᠲᠡ 2  ᠰᠠᠭᠤᠷᠢ 29 ᠰᠠᠶ᠎ᠠ ᠸᠠᠲ ᠤᠨ ᠭᠦᠸᠧᠯᠦ ᠶᠢᠨ ᠤᠰᠤ ᠬᠥᠷᠥᠭᠡᠬᠦ ᠬᠠᠨ᠎ᠠ ᠶᠢ ᠰᠢᠨᠡᠳᠬᠡᠨ ᠥᠭᠡᠷᠡᠴᠢᠯᠡᠬᠦ ᠠᠵᠢᠯ ᠢ ᠪᠡᠶᠡᠯᠡᠭᠦᠯᠪᠡ᠃ ᠡᠭᠦᠨ ᠤ ᠬᠠᠮᠲᠤ ᠠᠷᠠᠳ ᠲᠤ ᠠᠰᠢᠭ ᠬᠦᠷᠲᠡᠭᠡᠬᠦ ᠲᠣᠭᠤᠷᠢᠭ ᠪᠣᠯᠤᠨ ᠨᠡᠭᠦᠳᠡᠯ ᠠᠷᠠᠳ ᠤᠨ ᠲᠣᠭᠤᠷᠢᠭ ᠤᠨ ᠡᠷᠦᠬᠡ ᠳᠤ ᠣᠷᠣᠬᠤ ᠨᠡᠭᠡᠯᠡᠬᠡᠶ ᠶᠢᠨ ᠪᠠᠶᠢᠴᠠᠭᠠᠯᠲᠠ ᠶᠢ 500 ᠡᠷᠦᠬᠡ ᠪᠡᠶᠡᠯᠡᠭᠦᠯᠵᠦ᠂ ᠰᠠᠭᠤᠭᠠᠯᠢ ᠲᠣᠭᠤᠷᠢᠭ ᠤᠨ ᠠᠰᠠᠷ ᠤᠨ ᠨᠡᠭᠡᠯᠡᠬᠡᠶ 60 ᠶᠢ ᠰᠣᠯᠢᠵᠤ᠂ 20 ᠰᠠᠭᠤᠷᠢ ᠢᠯᠴᠢ ᠰᠣᠯᠢᠬᠤ ᠥᠷᠲᠡᠭᠡ ᠶᠢᠨ ᠢᠯᠴᠢ ᠰᠣᠯᠢᠬᠤ ᠮᠠᠰᠢᠨ ᠴᠣᠭᠴᠠᠯᠠᠪᠤᠷᠢ ᠶᠢ ᠤᠬᠢᠶᠠᠵᠤ ᠴᠡᠪᠡᠷᠯᠡᠬᠦ ᠵᠢᠴᠢ ᠪᠤᠰᠤᠳ ᠲᠥᠬᠦᠭᠡᠷᠦᠮᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠶᠢ ᠪᠡᠶᠡᠯᠡᠭᠦᠯᠦᠨ᠎ᠡ᠃ ᠡᠨᠡ ᠡᠪᠦᠯ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳ᠋ᠢᠩ ᠲᠠᠢ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠢᠯᠴᠢ ᠬᠠᠩᠭᠠᠬᠤ ᠶᠡᠷᠦᠩᠬᠡᠶ ᠲᠠᠯᠠᠪᠠᠶ ᠨᠢ 90 ᠲᠦᠮᠡᠨ ᠲᠡᠭᠰᠢ ᠳᠥᠷᠪᠡᠯᠵᠢᠨ ᠮᠧᠲᠷ ᠪᠣᠯᠤᠨ᠎ᠠ᠃ ︽10 ᠰᠠᠷ᠎ᠠ ᠶᠢᠨ 9 ᠤ ᠡᠳᠦᠷ ᠵᠠᠰᠠᠭ ᠤᠨ ᠣᠷᠳᠣᠨ ᠤ ᠬᠠᠮᠢᠶ᠎ᠠ ᠪᠥᠬᠦᠶ ᠮᠡᠳᠡᠭᠳᠡᠯ ᠢ ᠣᠯᠵᠤ᠂ ᠠᠵᠤ ᠠᠬᠤᠶᠢᠯᠠᠯ ᠤᠷᠢᠳᠴᠢᠯᠠᠨ ᠢᠯᠴᠢ ᠬᠠᠩᠭᠠᠬᠤ ᠶᠢ ᠱᠠᠭᠠᠷᠳᠠᠪᠠ᠂ ᠪᠢᠳᠡ ᠪᠠᠰᠠ ᠵᠠᠰᠠᠭ ᠤᠨ ᠣᠷᠳᠣᠨ ᠤ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ᠎ᠠ᠃ ᠨᠢᠭᠡᠨᠲᠡ ᠥᠨᠥᠳᠦᠷ  ‍ᠤᠨ‌ᠦᠳᠡ ᠶᠢᠨ ᠬᠤᠶᠢᠨ᠎ᠠ ᠠᠴᠠ ᠡᠬᠢᠯᠡᠨ ᠪᠡᠯᠡᠳᠬᠡᠯ ᠠᠵᠢᠯ ᠬᠢᠵᠡᠶ᠂ ᠪᠠᠷᠤᠭ 10 ᠰᠠᠷ᠎ᠠ ᠶᠢᠨ 10 ᠤ ᠣᠷᠣᠢ ᠣᠯᠠᠨ ᠢᠶᠠᠷ ᠢᠶᠠᠨ ᠳᠤᠯᠠᠭᠠᠮᠵᠢ ᠶᠢᠨ ᠳᠤᠯᠠᠭᠠᠴᠠ ᠶᠢ ᠰᠡᠷᠡᠵᠦ ᠣᠯᠤᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳ᠋ᠢᠩ ᠲᠠᠢ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠭᠤᠤ ᠴᠢᠶᠠᠩ  ᠲᠠᠨᠢᠯᠴᠠᠭᠤᠯᠪᠠ᠃
      ᠠᠰᠠᠷ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠭᠠᠵᠠᠷ ᠳᠤᠤᠷᠠᠬᠢ ᠬᠤᠭᠤᠯᠠᠶ ᠶᠢᠨ ᠲᠤᠤᠷ ᠤᠨ ᠠᠵᠢᠯᠯᠠᠭᠠᠨ ᠤ ᠴᠠᠭ ᠤᠨ ᠨᠥᠯᠥᠭᠡ ᠠᠴᠠ ᠪᠣᠯᠵᠣ᠂ ᠬᠡᠰᠡᠭ ᠬᠠᠭᠤᠴᠢᠨ ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠬᠤᠭᠤᠯᠠᠶ ᠬᠦᠨᠳᠦ ᠨᠣᠴᠢᠲᠠᠶ ᠡᠪᠳᠡᠭᠳᠡᠵᠦ᠂ ᠳᠠᠷᠤᠯᠲᠠ ᠶᠢ ᠳᠠᠭᠠᠭᠠᠬᠤ ᠴᠢᠳᠠᠪᠤᠷᠢ ᠨᠢ ᠬᠢᠵᠠᠭᠠᠷᠲᠠᠶ ᠪᠠᠶᠢᠵᠤ᠂ ᠭᠤᠭᠤᠵᠢᠵᠤ ᠭᠤᠭᠤᠵᠢᠬᠤ ᠦᠵᠡᠭᠳᠡᠯ ᠮᠠᠰᠢ ᠲᠣᠪᠤᠶᠢᠮ᠎ᠠ ᠪᠠᠶᠢᠵᠤ᠂ ᠨᠢᠭᠡᠨᠲᠡ ᠢᠯᠴᠢ ᠬᠠᠩᠭᠠᠬᠤ ᠦᠷ᠎ᠡ ᠪᠦᠲᠦᠮᠵᠢ ᠶᠢ ᠬᠦᠨᠳᠦ ᠨᠣᠴᠢᠲᠠᠶ ᠨᠥᠯᠥᠭᠡᠯᠡᠪᠡ᠃ ᠡᠪᠦᠯ ᠤᠨ ᠤᠯᠠᠷᠢᠯ ᠤᠨ ᠪᠠᠲᠤᠬᠠᠭᠠᠯᠭ᠎ᠠ ᠪᠠᠯᠭᠠᠰᠤᠨ ᠤ ᠬᠠᠭᠤᠴᠢᠨ ᠬᠤᠲᠠ ᠲᠣᠭᠤᠷᠢᠭ ᠤᠨ ᠰᠠᠭᠤᠭᠠᠯᠢ ᠠᠷᠠᠳ ᠤᠨ ᠬᠡᠪ ᠤᠨ ᠳᠤᠯᠠᠭᠠᠯᠠᠭ᠎ᠠ ᠶᠢ ᠪᠠᠲᠤᠯᠠᠬᠤ ᠶᠢᠨ ᠲᠥᠯᠥᠭᠡ᠂ ᠤᠯᠤᠰ ᠤᠨ ᠬᠤᠯᠪᠣᠭᠳᠠᠯ ᠪᠥᠬᠦᠶ ᠢᠯᠴᠢ ᠬᠠᠩᠭᠠᠵᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠡᠨᠡ ᠵᠢᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠹᠦ᠋ ᠯᠧᠢ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠡᠰᠡᠭ ᠬᠠᠭᠤᠴᠢᠨ ᠰᠠᠭᠤᠭᠠᠯᠢ ᠲᠣᠭᠤᠷᠢᠭ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠢᠯᠴᠢ ᠬᠠᠩᠭᠠᠬᠤ ᠬᠤᠭᠤᠯᠠᠶ ᠶᠢ ᠥᠭᠡᠷᠡᠴᠢᠯᠡᠨ ᠵᠠᠰᠠᠵᠤ᠂ ᠣᠳᠣᠬᠠᠨ ᠳᠤ ᠨᠢᠭᠡᠨᠲᠡ 7 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠢᠯᠴᠢ ᠬᠠᠩᠭᠠᠬᠤ ᠬᠤᠭᠤᠯᠠᠶ ᠲᠤᠤᠷ ᠢ ᠥᠭᠡᠷᠡᠴᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠵᠦ᠂ 1500 ᠭᠠᠷᠤᠶ ᠡᠷᠦᠬᠡ ᠶᠢ ᠬᠠᠮᠤᠷᠤᠭᠤᠯᠪᠠ᠃
      ᠲᠣᠰ ᠵᠢᠯ ᠤᠨ ᠢᠯᠴᠢ ᠬᠠᠩᠭᠠᠬᠤ ᠠᠵᠢᠯ ᠡᠬᠢᠯᠡᠬᠦ ᠠᠴᠠ ᠡᠮᠦᠨ᠎ᠡ᠂ ᠢᠯᠴᠢ ᠶᠢᠨ ᠬᠦᠴᠦᠨ ᠤ ᠺᠣᠮᠫᠠᠨᠢ ᠨᠢᠭᠡᠨᠲᠡ ᠢᠯᠴᠢ ᠬᠠᠩᠭᠠᠬᠤ ᠭᠦᠸᠧᠯᠦ᠂ ᠢᠯᠴᠢ ᠰᠣᠯᠢᠬᠤ ᠥᠷᠲᠡᠭᠡ ᠵᠢᠴᠢ ᠢᠯᠴᠢ ᠬᠠᠩᠭᠠᠬᠤ ᠬᠤᠭᠤᠯᠠᠶ ᠶᠢᠨ ᠲᠤᠤᠷ ᠢ ᠪᠠᠶᠢᠴᠠᠭᠠᠨ ᠵᠠᠰᠠᠬᠤ ᠪᠠ ᠠᠷᠠᠴᠢᠯᠠᠨ ᠬᠠᠮᠠᠭᠠᠯᠠᠬᠤ ᠠᠵᠢᠯ ᠢ ᠤᠷᠢᠳᠴᠢᠯᠠᠨ ᠪᠡᠶᠡᠯᠡᠭᠦᠯᠦᠭᠰᠡᠨ ᠪᠠᠶᠢᠨ᠎ᠠ᠃ ᠠᠭᠠᠷ ᠤᠨ ᠳᠤᠯᠠᠭᠠᠨ ᠤ ᠬᠤᠪᠢᠷᠠᠯᠲᠠ ᠶᠢ ᠦᠨᠳᠦᠰᠦᠯᠡᠨ ᠴᠠᠭ ᠲᠤᠬᠠᠶ ᠳᠤᠨᠢ ᠢᠯᠴᠢ ᠬᠠᠩᠭᠠᠬᠤ ᠪᠣᠯᠵᠣᠯᠲᠤ ᠲᠤᠭ᠎ᠠ ᠳᠤ ᠲᠣᠬᠢᠷᠠᠭᠤᠯᠤᠯᠲᠠ ᠬᠢᠵᠦ᠂ ᠢᠯᠴᠢ ᠬᠠᠩᠭᠠᠬᠤ ᠦᠷ᠎ᠡ ᠪᠦᠲᠦᠮᠵᠢ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ ᠮᠡᠷᠭᠡᠵᠢᠯᠲᠡᠨ ᠢ ᠲᠣᠬᠢᠷᠠᠭᠤᠯᠵᠤ ᠢᠯᠴᠢ ᠬᠠᠩᠭᠠᠬᠤ ᠲᠥᠬᠦᠭᠡᠷᠦᠮᠵᠢ ᠪᠠ ᠬᠤᠭᠤᠯᠠᠶ ᠲᠤᠤᠷ ᠲᠤ ᠲᠣᠭᠤᠷᠢᠨ ᠪᠠᠶᠢᠴᠠᠭᠠᠯᠲᠠ ᠬᠢᠵᠦ᠂ ᠬᠤᠭᠤᠯᠠᠶ ᠲᠤᠤᠷ ᠤᠨ ᠭᠤᠭᠤᠵᠢᠵᠤ ᠭᠤᠭᠤᠵᠢᠬᠤ ᠦᠵᠡᠭᠳᠡᠯ ᠢ ᠴᠠᠭ ᠲᠤᠬᠠᠶ ᠳᠤᠨᠢ  ᠰᠢᠢᠳᠪᠦᠷᠢᠯᠡᠵᠦ᠂ ᠢᠯᠴᠢ ᠬᠠᠩᠭᠠᠬᠤ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠮᠠᠨ ᠤ ᠬᠤᠰᠢᠭᠤᠨ ᠤ ᠵᠠᠭᠤᠨ ᠪᠠᠯᠭᠠᠰᠤᠨ ᠤ ᠰᠠᠭᠤᠭᠠᠯᠢ ᠠᠷᠠᠳ ᠤᠨ ᠳᠤᠯᠠᠭᠠᠨ ᠡᠪᠦᠯᠵᠢᠬᠦ ᠶᠢ ᠪᠠᠲᠤᠯᠠᠨ᠎ᠠ᠃
      ︽ᠡᠨᠡ ᠬᠡᠳᠦᠨ ᠡᠳᠦᠷ ᠠᠭᠤᠷ ᠠᠮᠢᠰᠬᠤᠯ ᠨᠡᠯᠢᠶᠡᠳ  ᠬᠦᠢᠳᠡᠨ᠂ ᠢᠯᠴᠢ ᠶᠢᠨ ᠬᠦᠴᠦᠨ ᠤ ᠺᠣᠮᠫᠠᠨᠢ ᠤᠷᠢᠳᠴᠢᠯᠠᠨ ᠲᠠᠪᠤᠨ ᠡᠳᠦᠷ ᠳᠤᠯᠠᠭᠠᠯᠠᠭ᠎ᠠ ᠬᠠᠩᠭᠠᠵᠤ᠂ ᠠᠷᠠᠳ ᠣᠯᠠᠨ ᠳᠤ ᠦᠨᠡᠨ ᠪᠣᠳᠠᠲᠠᠶ ᠰᠠᠶᠢᠨ ᠶᠠᠪᠤᠳᠠᠯ ᠬᠢᠵᠦ ᠥᠭᠴᠡᠶ᠂ ᠠᠷᠠᠳ ᠣᠯᠠᠨ ᠤ ᠰᠡᠳᠬᠢᠯ ᠳᠣᠲᠣᠷ᠎ᠠ ᠴᠥᠮ ᠮᠠᠰᠢ ᠬᠠᠯᠠᠭᠤᠨ ᠪᠠᠶᠢᠨ᠎ᠠ᠃ ᠭᠡᠵᠦ ᠪᠸᠢ ᠬᠤᠸᠠᠨ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠯᠢ ᠸᠧᠨ ᠯᠦᠩ ᠪᠠᠶᠠᠷᠲᠠᠢ ᠬᠡᠯᠡᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号