ᠥᠨᠥᠳᠦᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠪᠤᠳᠤᠭᠠᠷ ᠬᠤᠭᠤᠴᠠᠭᠠᠨ ᠤ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠵᠢᠩᠬᠢᠨᠢ ᠪᠠᠷ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2021/10/13
     10 ᠰᠠᠷ᠎ᠠ ᠶᠢᠨ 11 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠪᠤᠳᠤᠭᠠᠷ ᠬᠤᠭᠤᠴᠠᠭᠠᠨ ᠤ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠵᠢᠩᠬᠢᠨᠢ ᠪᠠᠷ ᠬᠢᠴᠢᠶᠡᠯ ᠡᠬᠢᠯᠡᠵᠦ᠂ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠨᠢᠭᠡᠴᠡ ᠶᠢᠨ 47 ᠰᠢᠯᠢᠳᠡᠭ ᠵᠠᠯᠠᠭᠤ ᠺᠠᠳ᠋ᠷ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃
      ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠷᠦᠢ ᠯᠦᠩ ᠠᠩᠭᠢ ᠡᠬᠢᠯᠡᠬᠦ ᠳᠠᠶᠢᠴᠢᠯᠠᠯᠲᠠ ᠶᠢᠨ ᠶᠠᠷᠢᠶ᠎ᠠ ᠲᠠᠯᠪᠢᠭᠰᠠᠨ ᠪᠥᠭᠡᠳ ᠵᠠᠯᠠᠭᠤ ᠺᠠᠳ᠋ᠷᠴᠤᠳ ᠲᠤ ᠨᠢᠭᠡᠨ ᠭᠤᠶᠢᠳᠠ ᠰᠠᠶᠢᠬᠠᠨ ᠤᠷᠮᠠᠰᠢᠭᠤᠯᠤᠨ ᠵᠣᠷᠢᠭᠵᠢᠭᠤᠯᠬᠤ ᠬᠢᠴᠢᠶᠡᠯ ᠠᠪᠴᠢᠷᠠᠵᠤ᠂ ᠰᠤᠷᠤᠯᠴᠠᠯᠭ᠎ᠠ ᠶᠢᠨ ᠴᠢᠬᠤᠯᠠ ᠴᠢᠨᠠᠷ ᠪᠠ ᠵᠠᠶᠢᠯᠠᠰᠢ ᠥᠬᠡᠶ ᠴᠢᠨᠠᠷ ᠢ ᠭᠦᠨᠵᠡᠭᠡᠶ ᠲᠣᠳᠣᠷᠬᠠᠶᠢᠯᠠᠨ ᠥᠭᠦᠯᠡᠪᠡ᠃ ᠲᠡᠷᠡ᠂ ᠡᠨᠡ ᠤᠳᠠᠭ᠎ᠠ ᠶᠢᠨ ᠪᠣᠯᠪᠠᠰᠤᠷᠠᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠂ ᠵᠠᠯᠠᠭᠤ ᠺᠠᠳ᠋ᠷ ᠢ ᠬᠥᠮᠦᠵᠢᠭᠦᠯᠵᠦ ᠪᠤᠶᠢᠵᠢᠭᠤᠯᠬᠤ ᠪᠣᠯ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠰᠢᠯᠢᠳᠡᠭ ᠺᠠᠳ᠋ᠷ ᠴᠢᠳᠠᠪᠤᠷᠢᠲᠠᠨ ᠢ ᠨᠥᠭᠡᠴᠡᠯᠡᠬᠦ ᠴᠢᠬᠤᠯᠠ ᠠᠷᠭ᠎ᠠ  ᠬᠡᠮᠵᠢᠶ᠎ᠡ ᠪᠣᠯᠤᠨ᠎ᠠ᠃ ᠠᠵᠠ ᠲᠣᠬᠢᠶᠠᠯ ᠢ ᠡᠵᠡᠮᠳᠡᠵᠦ᠂ ᠲᠤᠰ ᠪᠡᠶ᠎ᠡ ᠶᠢᠨ ᠬᠡᠪ ᠴᠢᠨᠠᠷ ᠢᠶᠠᠨ ᠳᠡᠭᠡᠭᠰᠢᠯᠡᠭᠦᠯᠵᠦ᠂ ᠲᠤᠰ ᠤᠳᠠᠭᠠᠨ ᠤ ᠰᠤᠷᠤᠯᠴᠠᠬᠤ ᠠᠵᠠ ᠲᠣᠬᠢᠶᠠᠯ ᠢ ᠨᠠᠨᠳᠢᠩᠨᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠰᠤᠷᠤᠯᠴᠠᠯᠭ᠎ᠠ ᠳᠤ ᠣᠷᠣᠯᠴᠠᠵᠤ᠂ ᠥᠪᠡᠷ ᠤᠨ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠮᠡᠳᠡᠯᠭᠡ ᠰᠤᠷᠤᠯᠴᠠᠬᠤ ᠬᠡᠷᠡᠭᠲᠡᠢ᠃ ᠰᠤᠷᠤᠯᠴᠠᠬᠤ ᠣᠪᠣᠷ ᠢᠶᠠᠨ ᠲᠥᠪ ᠪᠣᠯᠭᠠᠵᠤ᠂ ᠰᠤᠷᠤᠯᠴᠠᠬᠤ ᠦᠷ᠎ᠡ ᠪᠦᠲᠦᠮᠵᠢ ᠶᠢ ᠪᠠᠲᠤᠯᠠᠵᠤ᠂ ᠬᠠᠷᠠᠭ᠎ᠠ ᠪᠠᠨ ᠤᠯᠠᠮ ᠴᠢᠨᠠᠭᠰᠢᠳᠠ ᠥᠷᠭᠡᠳᠬᠡᠵᠦ᠂ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠴᠢᠩᠭᠠᠳᠬᠠᠵᠤ᠂ ᠶᠡᠭᠡ ᠲᠠᠯ᠎ᠠ ᠶᠢᠨ ᠤᠬᠠᠮᠰᠠᠷ᠂ ᠰᠠᠨᠠᠭᠠᠴᠢᠯᠠᠭᠠᠲᠤ ᠤᠬᠠᠮᠰᠠᠷ᠂ ᠦᠢᠯᠡᠴᠢᠯᠡᠬᠦ ᠤᠬᠠᠮᠰᠠᠷ᠂ ᠶᠣᠰᠣ ᠳᠦᠷᠢᠮ ᠤᠨ ᠤᠬᠠᠮᠰᠠᠷ᠂ ᠰᠢᠨ᠎ᠡ ᠶᠢ ᠡᠭᠦᠳᠬᠦ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠯ ᠤᠨ ᠴᠠᠭ ᠨᠢ ᠨᠢᠭᠡ ᠰᠠᠷ᠎ᠠ ᠪᠣᠯᠤᠨ᠎ᠠ᠃ ᠪᠣᠯᠪᠠᠰᠤᠷᠠᠭᠤᠯᠤᠯ ᠤᠨ ᠠᠭᠤᠯᠭ᠎ᠠ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠣᠨᠣᠯ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠵᠣᠷᠢᠯᠲᠠ ᠪᠠ ᠬᠦᠰᠡᠯᠡᠩ ᠢᠲᠡᠭᠡᠯ ᠵᠣᠷᠢᠭ ᠤᠨ ᠬᠥᠮᠦᠵᠢᠯ᠂ ᠬᠠᠤᠯᠢ ᠴᠠᠭᠠᠵᠠ ᠬᠠᠤᠯᠢ ᠲᠣᠭᠲᠠᠭᠠᠯ ᠨᠠᠮ ᠤᠨ ᠰᠠᠬᠢᠯᠭ᠎ᠠ ᠪᠠᠲᠤ᠂ ᠤᠯᠤᠰ ᠤᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠪᠠᠶᠢᠭᠤᠯᠤᠯᠲᠠ᠂ ᠨᠠᠮ ᠤᠨ ᠲᠡᠦᠬᠡ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠠᠶᠤᠯ ᠥᠬᠡᠶ ᠦᠶ᠋ᠯᠡᠳᠪᠦᠷᠢᠯᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠡᠷᠭᠡ ᠠᠭᠤᠯᠭ᠎ᠠ ᠶᠢ ᠪᠠᠭᠲᠠᠭᠠᠨ᠎ᠠ᠃ ᠪᠣᠯᠪᠠᠰᠤᠷᠠᠭᠤᠯᠤᠯ ᠨᠢ ᠰᠤᠳᠤᠯᠤᠨ ᠶᠠᠷᠢᠯᠴᠠᠬᠤ ᠮᠠᠶ᠋ᠢᠭ᠂ ᠬᠡᠷᠡᠭ ᠤᠨ ᠵᠢᠱᠢᠶ᠎ᠡ ᠮᠠᠶ᠋ᠢᠭ᠂ ᠳᠠᠭᠤᠷᠢᠶᠠᠮᠠᠯ ᠮᠠᠶ᠋ᠢᠭ᠂ ᠬᠠᠷᠢᠯᠴᠠᠨ ᠬᠥᠳᠡᠯᠦᠯᠴᠡᠬᠦ ᠮᠠᠶ᠋ᠢᠭ᠂ ᠦᠵᠡᠭᠦᠯᠦᠯᠭᠡ ᠶᠢᠨ ᠮᠠᠶ᠋ᠢᠭ ᠵᠡᠷᠭᠡ ᠵᠢᠭᠠᠨ ᠰᠤᠷᠭᠠᠯᠲᠠ ᠶᠢᠨ ᠠᠷᠭ᠎ᠠ ᠶᠢ ᠬᠡᠷᠡᠭᠯᠡᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号