ᠵᠢᠶᠠ ᠪᠦᠦ ᠯᠢᠶᠠᠩ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠬᠥᠭᠵᠢᠯᠲᠡ ᠶᠢ ᠲᠥᠯᠥᠪᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠪᠠᠬᠢᠵᠢᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2021/10/13
     10 ᠰᠠᠷ᠎ᠠ ᠶᠢᠨ 9 ᠤ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠸᠠᠩ ᠬᠤᠸᠠ ᠲᠠᠨ ᠠᠵᠤ  ᠦᠢᠯᠡᠰ ᠤᠨ ᠬᠦᠷᠢᠶᠡᠯᠡᠩ ᠲᠣᠭᠤᠷᠢᠭ ᠪᠠ ᠳᠠᠷᠬᠠᠨ  ᠰᠤᠮᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠲᠠᠷᠢᠶᠠᠯᠠᠩ ᠮᠠᠯ ᠠᠵᠤ ᠠᠬᠤᠶ ᠶᠢᠨ ᠠᠵᠤ  ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠶ ᠨᠠᠮ ᠤᠨ ᠲᠥᠪ ᠬᠤᠷᠢᠶᠠᠨ ᠤ  ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠠᠷᠪᠠᠨ ᠳᠥᠷᠪᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠤᠯᠠᠮ ᠴᠢᠨᠠᠭᠰᠢᠳᠠ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠳᠤ ᠪᠦᠲᠦᠮᠵᠢᠲᠡᠶ ᠵᠣᠯᠭᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ  ᠦᠢᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠦᠶ᠋ᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠵᠢᠶᠠ ᠪᠦᠦ ᠯᠢᠶᠠᠩ ᠨᠠᠷ ᠤᠷᠢᠳ ᠬᠤᠵᠢᠳ ᠬᠤᠸᠠᠩ ᠬᠤᠸᠠ ᠲᠠᠨ ᠠᠵᠤ ᠦᠢᠯᠡᠰ ᠤᠨ ᠬᠦᠷᠢᠶᠡᠯᠡᠩ ᠲᠣᠭᠤᠷᠢᠭ᠂  ᠴᠠᠭᠠᠬᠤᠪᠤᠭ᠎ᠠ ᠭᠠᠴᠠᠭᠠᠨ ᠤ ᠴᠡᠭᠡ ᠵᠢᠴᠢ ᠹᠧᠩ ᠢᠦᠢ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠠᠯᠳᠠᠨ ᠤᠳᠤ ᠭᠠᠴᠠᠭ᠎ᠠ ᠶᠢᠨ ᠲᠡᠵᠢᠭᠡᠨ ᠦᠷᠡᠵᠢᠭᠦᠯᠬᠦ ᠰᠠᠭᠤᠷᠢᠨ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠦᠨᠳᠦᠰᠦᠨ ᠪᠠᠶᠢᠳᠠᠯ ᠪᠣᠯᠤᠨ ᠦᠢᠯᠡᠳᠪᠦᠷᠢᠯᠡᠯ ᠤᠨ ᠲᠠᠯᠠᠪᠤᠷ ᠤᠨ ᠲᠤᠨᠤᠭ ᠲᠥᠬᠦᠭᠡᠷᠦᠮᠵᠢ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠵᠤ  ᠦᠢᠯᠡᠰ ᠢ ᠬᠥᠭᠵᠢᠭᠦᠯᠦᠨ ᠮᠠᠨᠳᠤᠭᠤᠯᠬᠤ᠂ ᠰᠢᠯᠢᠳᠡᠭ ᠢ ᠪᠤᠶᠢᠵᠢᠭᠤᠯᠵᠤ ᠦᠷ᠎ᠡ ᠠᠰᠢᠭ ᠢ ᠨᠡᠮᠡᠭᠳᠡᠭᠦᠯᠬᠦ ᠪᠠᠷ ᠵᠠᠷᠴᠢᠮ ᠪᠣᠯᠭᠠᠵᠤ᠂ ᠠᠵᠤ  ᠦᠢᠯᠡᠰ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠤᠨᠴᠠᠯᠢᠬᠳᠤ ᠲᠠᠷᠢᠶᠠᠯᠠᠩ ᠮᠠᠯ ᠠᠵᠤ ᠠᠬᠤᠶ ᠶᠢᠨ ᠠᠵᠤ  ᠦᠢᠯᠡᠰ ᠢ ᠲᠠᠰᠤᠷᠠᠯᠲᠠ ᠥᠬᠡᠶ ᠪᠤᠵᠠᠭᠠᠶᠢᠷᠠᠭᠤᠯᠬᠤ ᠬᠡᠷᠡᠭᠲᠡᠶ᠃ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠦᠢᠯᠡᠳᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ᠂ ᠡᠵᠡᠩᠨᠡᠨ ᠪᠣᠷᠣᠯᠠᠭᠤᠯᠬᠤ ᠶᠢ ᠳᠡᠯᠭᠡᠷᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠳᠠ ᠦᠭᠡᠢ ᠤᠷᠲᠤᠳᠬᠠᠨ᠂ ᠦᠢᠯᠡᠳᠬᠦᠨ ᠤ ᠨᠡᠮᠡᠯᠲᠡ ᠦᠷᠲᠡᠭ ᠢ ᠳᠡᠭᠡᠭᠰᠢᠯᠡᠭᠦᠯᠵᠦ᠂ ᠴᠢᠨᠠᠷ ᠰᠠᠶᠢᠲᠠᠢ ᠦᠢᠯᠡᠳᠬᠦᠨ ᠭᠠᠷᠭᠠᠬᠤ ᠶᠢ ᠦᠨᠡᠨ ᠬᠦ ᠪᠡᠶᠡᠯᠡᠭᠦᠯᠦᠨ᠂ ᠰᠠᠶᠢᠨ ᠲᠦᠷᠦᠯ ᠲᠡᠮᠳᠡᠭ ᠢ ᠡᠭᠦᠳᠴᠦ᠂ ᠰᠠᠶᠢᠨ ᠦᠨ᠎ᠡ ᠬᠠᠩᠰᠢ ᠭᠠᠷᠭᠠᠬᠤ ᠬᠡᠷᠡᠭᠲᠡᠢ᠃ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠠᠪᠴᠠᠩ ᠢ ᠰᠠᠶᠢᠲᠤᠷ ᠪᠠᠶᠢᠭᠤᠯᠵᠤ᠂  ᠦᠢᠯᠡᠴᠢᠯᠡᠭᠡ ᠶᠢ ᠰᠠᠶᠢᠲᠤᠷ ᠬᠢᠵᠦ᠂ ᠠᠰᠠᠭᠤᠳᠠᠯ ᠢ ᠲᠠᠰᠤᠷᠠᠯᠲᠠ ᠥᠬᠡᠶ  ᠰᠢᠢᠳᠪᠦᠷᠢᠯᠡᠬᠦ ᠳᠤᠮᠳᠠ ᠥᠪᠡᠷᠮᠢᠴᠡ ᠣᠨᠴᠠᠯᠢᠭ ᠲᠠᠢ ᠰᠢᠨ᠎ᠡ ᠵᠠᠮ ᠢᠶᠠᠷ ᠵᠠᠮᠨᠠᠵᠤ᠂ ᠠᠵᠤ ᠠᠬᠤᠶᠢᠯᠠᠯ ᠢ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠰᠠᠶᠢᠲᠤᠷ  ᠦᠢᠯᠡᠴᠢᠯᠡᠬᠦᠯᠬᠦ‌‍ᠬᠡᠷᠡᠭᠲᠡᠶ᠃      ᠪᠤᠭᠤᠲᠤ ᠬᠤᠳᠠ ᠶᠢᠨ ᠢᠦᠢ ᠹᠧᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ᠂ ᠵᠢᠶᠠ ᠪᠦᠦ ᠯᠢᠶᠠᠩ ᠠᠭᠤᠷᠬᠠᠢ ᠶᠢᠨ ᠦᠢᠯᠡᠳᠪᠦᠷᠢᠯᠡᠯ ᠤᠨ ᠬᠡᠯᠲᠡᠰ ᠲᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠲᠤᠯᠭᠠᠷᠠᠵᠤ ᠪᠠᠶᠢᠭ᠎ᠠ ᠠᠰᠠᠭᠤᠳᠠᠯ ᠢ ᠣᠶᠢᠯᠠᠭᠠᠪᠠ᠃ ᠲᠡᠷᠡ᠂ ᠡᠯᠪᠡᠭ ᠪᠠᠶᠠᠯᠢᠭ ᠬᠠᠶᠢᠯᠤᠭᠤᠷ ᠵᠣᠩᠰᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠵᠦᠶ ᠵᠣᠬᠢᠰᠲᠠᠶ ᠥᠨᠳᠥᠷ ᠪᠦᠲᠦᠮᠵᠢᠲᠡᠶ ᠨᠡᠭᠡᠭᠡᠨ ᠠᠰᠢᠭᠯᠠᠯᠲᠠ ᠬᠢᠵᠦ᠂ ᠹᠯᠣᠷ ᠤᠨ ᠬᠢᠮᠢ ᠶᠢᠨ ᠠᠵᠤ  ᠦᠢᠯᠡᠳᠪᠦᠷᠢ ᠶᠢᠨ ᠠᠵᠤ  ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠦᠶ᠋ᠯᠡᠰ ᠤᠨ ᠬᠥᠭᠵᠢᠯ ᠮᠠᠨᠳᠤᠯ ᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠨᠡᠩ ᠨᠢᠭᠲᠠ ᠲᠣᠭᠲᠠᠭᠤᠨ ᠲᠠᠷᠢᠶᠠᠴᠢᠨ ᠪᠣᠯᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠵᠤ᠂ ᠮᠠᠯᠴᠢᠨ ᠲᠠᠷᠢᠶᠠᠴᠢᠨ ᠢ ᠠᠵᠤ ᠦᠢᠯᠡᠰ ᠤᠨ ᠬᠥᠭᠵᠢᠯᠲᠡ ᠳᠤ ᠭᠦᠨᠵᠡᠭᠡᠢ ᠣᠷᠣᠯᠴᠠᠭᠤᠯᠵᠤ᠂ ᠠᠵᠤ ᠠᠬᠤᠶᠢᠯᠠᠯ ᠦᠷ᠎ᠡ ᠠᠰᠢᠭ ᠲᠠᠢ᠂ ᠮᠠᠯᠴᠢᠨ ᠲᠠᠷᠢᠶᠠᠴᠢᠨ ᠠᠰᠢᠭ ᠬᠦᠷᠳᠡᠬᠦ ᠶᠢ ᠪᠡᠶᠡᠯᠡᠭᠦᠯᠬᠦ ᠬᠡᠷᠡᠭᠲᠡᠢ᠃      ᠪᠠᠶᠢᠴᠠᠭᠠᠨ ᠰᠤᠳᠤᠯᠤᠯᠲᠠ ᠶᠢᠨ ᠳᠤᠮᠳᠠ ᠵᠢᠶᠠ ᠪᠦᠦ ᠯᠢᠶᠠᠩ ᠪᠠᠰᠠ ᠳᠠᠷᠬᠠᠨ ᠰᠤᠮᠤ ᠶᠢᠨ ᠲᠣᠣᠷᠴᠢᠯᠠᠭᠰᠠᠨ ᠬᠠᠮᠢᠶᠠᠷᠤᠯᠲᠠ ᠶᠢᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠶ᠃ ᠲᠡᠷᠡ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠬᠦ ᠪᠠ ᠬᠦᠳᠦᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠢᠨ᠎ᠡ ᠬᠥᠭᠵᠢᠯᠲᠡ ᠶᠢᠨ ᠰᠡᠳᠬᠢᠴᠡ ᠶᠢ ᠲᠥᠯᠥᠪᠵᠢᠭᠦᠯᠵᠦ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠲᠤᠬᠠᠢ ᠶᠢᠨ ᠭᠠᠵᠠᠷ ᠤᠨ ᠠᠷᠠᠳ ᠤᠨ ᠵᠠᠩ ᠵᠠᠩᠰᠢᠯ᠂ ᠲᠡᠦᠬᠡ ᠰᠣᠶᠣᠯ ᠵᠡᠷᠭᠡ ᠡᠬᠢ ᠪᠠᠶᠠᠯᠢᠭ ᠢ ᠭᠦᠢᠴᠡᠳ ᠠᠰᠢᠭᠯᠠᠵᠤ᠂ ᠤᠨᠴᠠᠯᠢᠬᠳᠤ ᠰᠣᠶᠣᠯ ᠤᠨ ᠠᠵᠢᠯᠯᠠᠭ᠎ᠠ ᠶᠢ ᠢᠳᠡᠪᠬᠢᠲᠡᠢ ᠤᠬᠠᠭᠠᠯᠠᠨ ᠰᠡᠳᠦᠵᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠭᠦᠨᠵᠡᠭᠡᠶᠢᠷᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ   ᠵᠢᠱᠢᠶ᠎ᠡ‌ᠦᠵᠡᠭᠦᠯᠬᠦ ᠦᠯᠢᠭᠡᠷ ᠳᠠᠭᠤᠷᠢᠶᠠᠯ ᠢ ᠪᠤᠢ ᠪᠣᠯᠭᠠᠬᠤ ᠬᠡᠷᠡᠭᠲᠡᠢ᠃ ᠲᠡᠷᠡ ᠪᠠᠰᠠ ᠲᠤᠬᠠᠶ ᠶᠢᠨ ᠭᠠᠵᠠᠷ ᠤᠨ ᠬᠢᠨ ᠳᠤ ᠮᠠᠯᠴᠢᠨ ᠲᠠᠷᠢᠶᠠᠴᠢᠨ ᠳᠤ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭ᠎ᠠ ᠶᠢ ᠥᠷᠭᠡᠨ ᠢᠶᠠᠷ ᠤᠬᠠᠭᠤᠯᠵᠤ᠂ ᠨᠠᠩ ᠣᠯᠠᠨ ᠬᠥᠮᠦᠨ ᠳᠤ ᠳᠤᠮᠳᠠᠳᠤ ᠶᠢᠨ ᠦᠨᠳᠦᠰᠦᠲᠡᠨ ᠤ ᠪᠠᠭᠲᠠᠭᠠᠮᠵᠢᠲᠤ ᠴᠢᠨᠠᠷ ᠢ ᠭᠦᠨᠵᠡᠭᠡᠶ ᠮᠡᠳᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠬᠠᠮᠰᠠᠷ ᠠᠴᠠ ᠪᠠᠨ ᠪᠠᠲᠤ ᠴᠣᠭᠴᠠᠯᠠᠬᠤ ᠬᠡᠷᠡᠭᠲᠡᠶ ᠭᠡᠵᠦ ᠵᠠᠬᠢᠪᠠ᠃      ᠬᠤᠰᠢᠭᠤᠨ ᠤᠳᠤᠷᠢᠳᠤᠯᠭ᠎ᠠ  ᠬᠤ᠋ ᠴᠢᠶᠠᠩ᠂ ᠮᠥᠩᠬᠡᠪᠠᠭᠠᠲᠤᠷ᠂ ᠳᠠᠷᠬᠠᠨ ᠰᠤᠮᠤ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠢᠴᠢ ᠬᠤᠰᠢᠭᠤᠨ ᠬᠠᠷᠢᠶ᠎ᠠ ᠡᠨᠧᠷᠭᠢ ᠶᠢᠨ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号