ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ︽ᠨᠠᠮ ᠤᠨ ᠪᠠᠶᠢᠭᠤᠯᠤᠯᠲᠠ ᠶᠢᠨ ᠬᠤᠯᠪᠣᠭ᠎ᠠ᠂ ᠲᠣᠰᠬᠤᠨ ᠤ ᠪᠠᠩᠬᠢ ᠬᠠᠮᠲᠤ ᠪᠠᠷ ᠪᠠᠶᠢᠭᠤᠯᠬᠤ︾ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2021/10/14
     10 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠨᠠᠮ ᠤᠨ ᠪᠠᠶᠢᠭᠤᠯᠤᠯᠲᠠ ᠶᠢᠨ ᠬᠤᠯᠪᠣᠭ᠎ᠠ᠂ ᠲᠣᠰᠬᠤᠨ ᠤ ᠪᠠᠩᠬᠢ ᠬᠠᠮᠲᠤ ᠪᠠᠷ ᠪᠥᠲᠥᠭᠡᠨ ᠪᠠᠶᠢᠭᠤᠯᠬᠤ︾ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯ ᠤᠨ ᠡᠬᠢᠯᠡᠯᠲᠡ ᠶᠢᠨ ᠶᠣᠰᠣᠯᠠᠯ  ᠦᠬᠡᠷᠬᠤᠳᠳᠤᠭ ᠪᠠᠯᠭᠠᠰᠤᠨ ᠤ ᠲᠤᠤ ᠮᠠ ᠭᠸᠦ ᠲᠣᠰᠬᠤᠨ ᠳᠤ ᠶᠠᠪᠤᠭᠳᠠᠪᠠ᠃ ᠬᠤᠰᠢᠭᠤᠨ ᠤ ᠤᠳᠤᠷᠢᠳᠤᠯᠭ᠎ᠠ ᠶᠤᠸᠠᠨ ᠰᠢᠤᠢ᠂ ᠯᠢ ᠸᠧᠶ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠬᠤᠰᠢᠭᠤᠨ ᠤ ︽ᠨᠠᠮ ᠤᠨ ᠪᠠᠶᠢᠭᠤᠯᠤᠯᠲᠠ ᠶᠢᠨ ᠬᠤᠯᠪᠣᠭ᠎ᠠ᠂ ᠲᠣᠰᠬᠤᠨ ᠤ ᠪᠠᠩᠬᠢ ᠬᠠᠮᠲᠤ ᠪᠠᠷ ᠪᠠᠶᠢᠭᠤᠯᠬᠤ︾ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠡᠰᠡᠭ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠳᠡᠳ᠋ ᠱᠦᠵᠢ᠂ ᠭᠡᠰᠢᠭᠦᠳ ᠢ ᠵᠣᠬᠢᠶᠠᠨ ᠪᠠᠶᠢᠭᠤᠯᠵᠤ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠷᠦᠢ ᠯᠦᠩ ᠶᠣᠰᠣᠯᠠᠯ ᠢ ᠡᠷᠭᠢᠯᠡᠪᠡ᠃
      ᠶᠣᠰᠣᠯᠠᠯ ᠳᠡᠭᠡᠷ᠎ᠡ᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︿ᠨᠠᠮ ᠤᠨ ᠪᠠᠶᠢᠭᠤᠯᠤᠯᠲᠠ ᠶᠢᠨ ᠬᠤᠯᠪᠣᠭ᠎ᠠ᠂ ᠲᠣᠰᠬᠤᠨ ᠤ ᠪᠠᠩᠬᠢ ᠬᠠᠮᠲᠤ ᠪᠠᠷ ᠪᠠᠶᠢᠭᠤᠯᠬᠤ﹀ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯ ᠤᠨ ᠬᠡᠷᠡᠭᠵᠢᠭᠦᠯᠬᠦ ᠲᠥᠰᠦᠯ︾᠂ ︽ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠰᠦᠯᠵᠢᠶᠡᠨ ᠴᠡᠭ ᠤᠨ ᠡᠷᠬᠢᠯᠡᠭᠴᠢ ᠶᠢᠨ ᠲᠤᠰᠢᠶᠠᠯ ᠡᠭᠦᠷᠭᠡᠯᠡᠭᠰᠡᠨ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ ᠶᠢᠨ ᠨᠡᠷᠡᠰ︾᠂ ︽ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠢᠲᠡᠭᠡᠮᠵᠢᠲᠦ ᠵᠢᠭᠡᠯᠡᠯᠭᠡ ᠲᠠᠯᠪᠢᠭᠴᠢ ᠶᠢᠨ ᠲᠤᠰᠢᠶᠠᠯ ᠡᠭᠦᠷᠭᠡᠯᠡᠭᠰᠡᠨ ᠭᠠᠴᠠᠭ᠎ᠠ ᠲᠣᠰᠬᠤᠨ ᠤ ᠮᠥᠩᠭᠦᠨ  ᠭᠦᠢᠯᠭᠡᠭᠡᠨ ᠤ ᠲᠤᠰᠠᠯᠠᠭᠴᠢ ᠶᠢᠨ ᠨᠡᠷᠡᠰ︾᠂ ︽ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠤᠷᠢᠨ ᠲᠣᠮᠢᠯᠠᠭᠰᠠᠨ ᠪᠥᠭᠡᠳ ︿ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠥᠩᠭᠦᠨ ᠭᠦᠶ᠋ᠯᠭᠡᠭᠡᠨ ᠤ  ᠦᠢᠯᠡᠴᠢᠯᠡᠭᠡᠨ ᠤ ᠥᠷᠲᠡᠭᠡ ᠶᠢᠨ ᠳᠠᠷᠤᠭ᠎ᠠ﹀ ᠶᠢ ᠤᠷᠢᠨ ᠲᠣᠮᠢᠯᠠᠭᠰᠠᠨ᠂ ᠲᠣᠰᠬᠤᠨ ᠤ ᠳᠤᠭᠤᠶᠢᠯᠠᠩ ᠤᠨ ᠳᠠᠷᠤᠭ᠎ᠠ ᠶᠢ ᠤᠷᠢᠨ ᠲᠣᠮᠢᠯᠠᠭᠰᠠᠨ ᠪᠣᠯ ︿ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠥᠩᠭᠦᠨ  ᠬᠦᠢᠯᠭᠡᠭᠡᠨ ᠤ  ᠦᠢᠯᠡᠴᠢᠯᠡᠭᠡᠨ ᠤ ᠥᠷᠲᠡᠭᠡ ᠶᠢᠨ ᠰᠦᠯᠵᠢᠶᠡᠴᠢ﹀ ᠶᠢᠨ ᠨᠡᠷᠡᠰ︾︔ ᠲᠤᠬᠠᠶ ᠶᠢᠨ ᠲᠠᠯᠠᠪᠠᠶ ᠳᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠥᠩᠭᠦᠨ ᠭᠦᠶ᠋ᠯᠭᠡᠭᠡᠨ ᠤ  ᠦᠢᠯᠡᠴᠢᠯᠡᠭᠡᠨ ᠤ ᠥᠷᠲᠡᠭᠡ ᠶᠢᠨ ᠳᠠᠷᠤᠭ᠎ᠠ︾ ᠶᠢ ᠤᠷᠢᠨ ᠲᠣᠮᠢᠯᠠᠬᠤ ᠪᠠ ᠭᠡᠷ᠎ᠡ ᠲᠣᠭᠲᠠᠬᠤ ᠶᠣᠰᠣᠯᠠᠯ ᠶᠠᠪᠤᠭᠤᠯᠪᠠ︔ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ ᠪᠣᠯᠤᠨ ᠢᠲᠡᠭᠡᠮᠵᠢᠲᠦ ᠵᠢᠭᠡᠯᠡᠯᠭᠡ ᠲᠠᠯᠪᠢᠭᠴᠢ ᠣᠪᠣᠷ ᠢᠶᠠᠨ ᠢᠯᠡᠳᠬᠡᠬᠦ ᠦᠭᠡ ᠬᠡᠯᠡᠪᠡ᠃ ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ  ᠦᠬᠡᠷᠬᠤᠳᠳᠤᠭ ᠪᠠᠯᠭᠠᠰᠤᠨ ᠤ ᠡᠯ ᠯᠢ ᠪᠠᠨ ᠲᠣᠰᠬᠤᠨ ᠤ ᠪᠠᠩᠬᠢ ᠶᠢᠨ ᠬᠠᠮᠲᠤ ᠶᠢᠨ ᠵᠢᠱᠢᠶ᠎ᠡ ᠦᠵᠡᠭᠦᠯᠬᠦ ᠴᠡᠭ ᠢ ᠲᠣᠭᠤᠷᠢᠨ ᠦᠵᠡᠵᠦ᠂ ᠠᠵᠢᠯᠲᠠᠳ ᠤᠨ ᠬᠠᠮᠢᠶ᠎ᠠ ᠪᠦᠬᠦᠢ ᠠᠵᠢᠯ ᠤᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠰᠠᠨᠠᠯ ᠢᠶᠠᠨ ᠰᠣᠯᠢᠯᠴᠠᠨ ᠶᠠᠷᠢᠯᠴᠠᠪᠠ᠃
      ᠲᠣᠰ ᠤᠳᠠᠭᠠᠨ ᠤ ᠠᠵᠢᠯᠯᠠᠭ᠎ᠠ ᠶᠢ ᠡᠷᠭᠢᠯᠡᠭᠰᠡᠨ ᠨᠢ ᠨᠠᠮ ᠤᠨ ᠲᠥᠪ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠲᠤᠬᠠᠶ  ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠬᠦᠴᠦᠯᠡᠨ ᠠᠬᠢᠭᠤᠯᠵᠤ᠂ ︽ᠨᠠᠮ ᠤᠨ ᠪᠠᠶᠢᠭᠤᠯᠤᠯᠲᠠ ᠶᠢᠨ ᠬᠤᠯᠪᠣᠭ᠎ᠠ᠂ ᠲᠣᠰᠬᠤᠨ ᠪᠠᠩᠬᠢ ᠬᠠᠮᠲᠤ ᠪᠠᠷ ᠪᠠᠶᠢᠭᠤᠯᠬᠤ︾ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠪᠠ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠨᠢᠭᠡᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠠᠷᠭ᠎ᠠ ᠬᠡᠮᠵᠢᠶ᠎ᠡ ᠶᠢ ᠴᠢᠩᠭᠠᠳᠬᠠᠵᠤ᠂ ᠪᠥᠬᠦ ᠬᠤᠰᠢᠭᠤᠨ ᠤ ︽ᠨᠠᠮ ᠤᠨ ᠪᠠᠶᠢᠭᠤᠯᠤᠯᠲᠠ ᠶᠢᠨ ᠬᠤᠯᠪᠣᠭ᠎ᠠ᠂ ᠲᠣᠰᠬᠤᠨ ᠪᠠᠩᠬᠢ ᠬᠠᠮᠲᠤ ᠪᠠᠷ ᠪᠠᠶᠢᠭᠤᠯᠬᠤ︾ ᠠᠵᠢᠯ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠡᠷᠡᠭᠵᠢᠭᠦᠯᠦᠭᠳᠡᠬᠦ ᠶᠢ ᠠᠬᠢᠭᠤᠯᠬᠤ ᠶᠠᠪᠤᠳᠠᠯ ᠪᠣᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号