︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ᠪᠠᠲᠤᠬᠠᠭᠠᠯᠭ᠎ᠠ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠲᠠᠨ ᠢ call ᠴᠣᠬᠢᠶ᠎ᠠ ᠭᠡᠵᠦ ᠳᠠᠭᠤᠳᠠᠵᠤ ᠪᠠᠶᠢᠨ᠎ᠠ
ᠨᠡᠶᠢᠲᠡᠯᠡᠭᠰᠡᠨ ᠴᠠᠭ᠄
2021/10/14
     ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠤᠰ ᠬᠠᠰᠤᠯᠲᠠ︾ ᠶᠢᠨ ᠲᠥᠷᠥ ᠶᠢᠨ ᠪᠣᠳᠣᠯᠭ᠎ᠠ ᠶᠢ ᠴᠤᠤᠷᠢᠶᠠᠳᠤᠨ ᠳᠠᠭᠠᠵᠤ᠂ ︽ᠬᠤᠤᠰ ᠬᠠᠰᠤᠯᠲᠠ︾ ᠶᠢᠨ ᠲᠥᠷᠥ ᠶᠢᠨ ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠵᠤ᠂ ᠬᠠᠷᠢᠶᠠᠲᠤ ᠣᠷᠣᠨ ᠤ ᠨᠠᠰᠤᠨ ᠳᠤ ᠥᠯᠥ ᠭᠦᠷᠦᠭᠰᠡᠳ ᠤᠨ ᠠᠵᠢᠯ ᠤᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠪᠠᠲᠤᠬᠠᠭᠠᠯᠭ᠎ᠠ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ ᠤᠨ ᠬᠢᠨ ︽ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠵᠤ᠂ ᠬᠠᠮᠲᠤ ᠪᠠᠷ ᠡᠭᠦᠳᠦᠨ ᠪᠠᠶᠢᠭᠤᠯᠬᠤ︾ ᠪᠠᠷ ᠠᠴᠢᠶᠠᠯᠠᠪᠤᠷᠢ ᠪᠣᠯᠭᠠᠵᠤ᠂ ᠨᠠᠮ ᠤᠨ ᠬᠤᠷᠢᠶᠠᠨ ᠤ ᠪᠦᠷᠢᠯᠳᠦᠬᠦᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠠᠶᠢᠷ᠎ᠠ ᠬᠠᠯᠠᠮᠵᠢ ᠶᠢᠨ ᠰᠠᠶᠢᠨ ᠳᠤᠷᠠᠴᠤᠳ ᠲᠠᠢ ᠬᠠᠮᠲᠤᠷᠠᠨ ᠰᠤᠷᠭᠠᠭᠤᠯᠢ ᠶᠢᠨ ᠭᠠᠳᠠᠨᠠᠬᠢ ᠦᠶ᠋ᠯᠡᠳᠦᠯᠭᠡ ᠵᠢᠴᠢ ᠳᠤᠷ᠎ᠠ ᠰᠣᠨᠢᠷᠬᠠᠯ ᠤᠨ ᠲᠠᠪᠴᠠᠩ ᠢ ᠬᠠᠮᠲᠤ ᠪᠠᠷ ᠪᠠᠶᠢᠭᠤᠯᠵᠤ᠂ ᠪᠠᠶᠠᠯᠢᠭ ᠰᠠᠶᠢᠬᠠᠨ ᠬᠢᠴᠢᠶᠡᠯ ᠤᠨ ᠭᠠᠳᠠᠨᠠᠬᠢ ᠠᠵᠢᠯᠯᠠᠭ᠎ᠠ ᠥᠷᠨᠢᠭᠦᠯᠵᠦ᠂ ᠬᠡᠦᠬᠡᠳ ᠲᠡᠭᠡᠨ ᠰᠠᠶᠢᠨ ᠰᠠᠶᠢᠬᠠᠨ ᠪᠠᠭ᠎ᠠ ᠨᠠᠰᠤ ᠶᠢ ᠪᠤᠴᠠᠭᠠᠨ ᠥᠭᠬᠦ ᠪᠠᠷ ᠴᠢᠷᠮᠠᠶᠢᠪᠠ᠃
     ᠱᠦᠶ ᠲᠠ ᠵᠡᠭᠡᠯᠢ ᠶᠢᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ ᠰᠢᠨ᠎ᠡ ᠬᠡᠯᠪᠡᠷᠢ ᠶᠢᠨ ᠣᠯᠠᠨ ᠲᠦᠮᠡᠨ ᠳᠤ ᠦᠶ᠋ᠯᠡᠴᠢᠯᠡᠬᠦ ᠵᠠᠭᠪᠤᠷ ᠢ ᠢᠳᠡᠪᠬᠢᠲᠡᠶ ᠬᠠᠶᠢᠨ ᠰᠦᠪᠡᠭᠴᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠴᠢ ᠬᠠᠩ ᠪᠣᠯᠪᠠᠰᠤᠷᠠᠯ ᠤᠨ ᠰᠤᠷᠭᠠᠭᠤᠯᠢ ᠶᠢ ᠣᠷᠣᠭᠤᠯᠤᠨ ᠠᠪᠴᠢᠷᠠᠵᠤ᠂  ᠮᠧᠩ ᠪᠦᠦ ᠴᠢ ᠬᠠᠩ ᠨᠠᠷᠠᠲᠤ ᠲᠥᠷᠥᠯ ᠲᠡᠮᠳᠡᠭᠲᠦ ᠶᠢᠨ ᠲᠥᠷᠥᠯ  ᠵᠦᠢᠯ ᠢ ᠭᠠᠭᠴᠠᠭᠠᠷ ᠡᠭᠦᠳᠪᠡ᠃ ︽ᠬᠡᠦᠬᠡᠳ ᠤᠨ ᠬᠡᠷ︾ ᠲᠤ ᠲᠦᠰᠢᠭᠯᠡᠨ ᠭᠠᠷᠠᠭ ᠤᠨ ᠰᠡᠭᠦᠯᠴᠢ ᠪᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠠᠯᠠᠭᠤᠴᠤᠳ ᠪᠠᠭᠠᠴᠤᠳ ᠤᠨ ᠪᠥᠬᠦ ᠲᠠᠯ᠎ᠠ ᠶᠢᠨ ᠬᠥᠭᠵᠢᠯᠲᠡ ᠶᠢ ᠬᠠᠯᠠᠮᠵᠢᠯᠠᠨ ᠬᠥᠮᠦᠵᠢᠭᠦᠯᠬᠦ ᠪᠣᠯᠪᠠᠰᠤᠷᠠᠭᠤᠯᠤᠯ ᠤᠨ ᠲᠥᠷᠥᠯ ᠵᠦᠶ᠋ᠯ ᠢ ᠥᠷᠨᠢᠭᠦᠯᠦᠨ᠎ᠡ᠄ 4 —15 ᠨᠠᠰᠤᠨ ᠤ ᠵᠠᠯᠠᠭᠤᠴᠤᠳ ᠪᠠᠭᠠᠴᠤᠳ ᠲᠤ ᠴᠢᠭᠯᠡᠭᠦᠯᠦᠨ ᠬᠡᠯᠡ ᠶᠠᠷᠢᠶᠠᠨ ᠤ ᠪᠣᠯᠪᠠᠰᠤᠷᠠᠭᠤᠯᠤᠯ ᠥᠷᠨᠢᠭᠦᠯᠵᠦ᠂ ᠵᠠᠯᠠᠭᠤᠴᠤᠳ ᠪᠠᠭᠠᠴᠤᠳ ᠲᠤ ᠦᠭᠡ ᠬᠡᠯᠡᠨ ᠤ ᠵᠣᠬᠢᠶᠠᠨ ᠪᠠᠶᠢᠭᠤᠯᠬᠤ ᠴᠢᠳᠠᠪᠤᠷᠢ ᠶᠢ ᠪᠣᠯᠪᠠᠰᠤᠷᠠᠭᠤᠯᠬᠤ ᠲᠠᠪᠴᠠᠩ ᠬᠠᠩᠭᠠᠨ᠎ᠠ︔ ᠡᠭᠦᠨ ᠤ ᠬᠠᠮᠲᠤ  ᠲᠠᠶᠧᠺᠤᠨᠳᠤ᠋ ᠶᠢᠨ ᠲᠡᠮᠡᠴᠡᠭᠡᠨ᠂ ᠤᠷᠠᠨ ᠵᠢᠷᠤᠭ᠂ ᠡᠯᠡᠰᠦᠨ ᠵᠢᠷᠤᠭ ᠵᠡᠷᠭᠡ ᠳᠤᠷ᠎ᠠ ᠰᠣᠨᠢᠷᠬᠠᠯ ᠤᠨ ᠪᠣᠯᠪᠠᠰᠤᠷᠠᠭᠤᠯᠤᠯ ᠤᠨ ᠬᠢᠴᠢᠶᠡᠯ ᠢ ᠲᠣᠬᠢᠷᠠᠭᠤᠯᠵᠤ᠂ ᠵᠠᠯᠠᠭᠤᠴᠤᠳ ᠪᠠᠭᠠᠴᠤᠳ ᠤᠨ ᠰᠠᠶᠢᠨ ᠰᠠᠶᠢᠬᠠᠨ ᠣᠶᠤᠨ ᠰᠠᠨᠠᠭ᠎ᠠ ᠶᠢ ᠬᠥᠮᠦᠵᠢᠭᠦᠯᠦᠨ᠂  ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠳᠣᠬᠠᠨ ᠪᠣᠯᠲᠠᠯ᠎ᠠ᠂  ᠮᠧᠩ ᠪᠦᠦ ᠴᠢ ᠬᠠᠩ ᠨᠠᠷᠠᠲᠤ ᠲᠥᠷᠥᠯ ᠲᠡᠮᠳᠡᠭᠲᠦ ᠶᠢᠨ ᠲᠥᠷᠥᠯ  ᠵᠦᠢᠯ ᠳᠤ ᠨᠡᠶᠢᠲᠡ 450 ᠭᠠᠷᠤᠶ ᠤᠳᠠᠭ᠎ᠠ ᠪᠣᠯᠪᠠᠰᠤᠷᠠᠭᠤᠯᠤᠯ ᠥᠷᠨᠢᠭᠦᠯᠵᠦ᠂ 500 ᠭᠠᠷᠤᠶ ᠬᠡᠦᠬᠡᠳ ᠠᠴᠠ ᠠᠰᠢᠭ ᠭᠥᠷᠳᠡᠪᠡ᠃ ᠡᠭᠦᠨ ᠤ ᠬᠠᠮᠲᠤ ᠡᠪᠦᠯ ᠵᠣᠨ ᠤ ᠠᠮᠠᠷᠠᠯᠲᠠ ᠶᠢᠨ ᠬᠤᠭᠤᠴᠠᠭᠠᠨ ᠳᠤ᠂ ︽ᠶᠡᠭᠡ ᠪᠠᠭ᠎ᠠ ᠰᠤᠷᠭᠠᠭᠤᠯᠢ ᠶᠢᠨ ᠰᠤᠷᠤᠭᠴᠢᠳ ᠭᠠᠷ ᠭᠠᠷ ᠢᠶᠠᠨ ᠬᠤᠯᠪᠣᠯᠴᠠᠬᠤ︾ ᠨᠡᠶᠢᠲᠡ ᠶᠢᠨ ᠠᠰᠠᠷᠠᠮᠵᠢ ᠶᠢᠨ ᠰᠤᠷᠤᠯᠭ᠎ᠠ ᠲᠡᠳᠬᠦᠬᠦ ᠲᠥᠷᠥᠯ  ᠵᠦᠢᠯ ᠢ ᠥᠷᠨᠢᠭᠦᠯᠵᠦ᠂ ᠨᠤᠲᠤᠭ ᠲᠠᠭᠠᠨ ᠪᠤᠴᠠᠭᠰᠠᠨ ᠣᠶᠤᠲᠠᠨ ᠰᠠᠶᠢᠨ ᠲᠤᠷᠠᠴᠤᠳ ᠢ ᠡᠯᠰᠡᠵᠦ ᠬᠠᠷᠢᠶᠠᠲᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠰᠡᠳᠬᠢᠴᠡ ᠶᠢᠨ ᠵᠢᠯᠣᠭᠤᠳᠣᠯᠭ᠎ᠠ᠂ ᠥᠪᠡᠷ ᠢ ᠪᠠᠨ ᠬᠠᠮᠠᠭᠠᠯᠠᠬᠤ ᠬᠥᠮᠦᠵᠢᠯ᠂ ᠣᠶᠤᠨ ᠳᠤ ᠲᠤᠰᠠᠲᠠᠶ ᠲᠣᠭᠯᠠᠭᠠᠮ ᠵᠡᠷᠭᠡ ᠬᠠᠶᠢᠷ᠎ᠠ ᠬᠠᠯᠠᠮᠵᠢ ᠶᠢᠨ  ᠦᠢᠯᠡᠴᠢᠯᠡᠭᠡ ᠥᠷᠨᠢᠭᠦᠯᠵᠦ᠂ ᠣᠳᠣᠬᠠᠨ ᠳᠤ 40 ᠭᠠᠷᠤᠶ ᠣᠶᠤᠲᠠᠨ ᠨᠢᠭᠡᠨᠲᠡ 60 ᠭᠠᠷᠤᠶ ᠪᠠᠭ᠎ᠠ ᠰᠤᠷᠭᠠᠭᠤᠯᠢ ᠶᠢᠨ ᠰᠤᠷᠤᠭᠴᠢᠳ ᠲᠤ ︽1 ᠬᠤᠤᠰ 1︾᠂ ︽1 ᠬᠤᠤᠰ 2︾ ᠤᠨ ᠬᠠᠪᠰᠤᠷᠤᠯᠭ᠎ᠠ ᠪᠠ  ᠦᠢᠯᠡᠴᠢᠯᠡᠭᠡ ᠬᠠᠩᠭᠠᠵᠤ᠂ ᠥᠷᠭᠡᠨ ᠣᠯᠠᠨ ᠪᠢᠴᠢᠬᠠᠨ ᠨᠠᠶᠢᠵᠠ᠂ ᠬᠡᠷ ᠤᠨ ᠠᠬᠠᠮᠠᠳ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠶᠢᠨ ᠦᠨᠡᠯᠡᠯᠲᠡ ᠶᠢ ᠨᠢᠭᠡᠳᠦᠯᠲᠡᠶ ᠤᠯᠪᠠ᠃
      ᠬᠡᠦᠬᠡᠨ ᠠᠭᠤᠯᠠ ᠵᠡᠭᠡᠯᠢ ᠶᠢᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ ᠣᠯᠠᠨ ᠲᠦᠮᠡᠨ ᠤ ᠬᠡᠷᠡᠭᠴᠡᠭᠡ ᠶᠢ ᠦᠨᠳᠦᠰᠦᠯᠡᠨ ᠨᠠᠰᠤᠨ ᠳᠤ ᠥᠯᠥ ᠭᠦᠷᠦᠭᠰᠡᠳ ᠤᠨ ᠣᠶᠤᠨ ᠰᠠᠨᠠᠭᠠᠨ ᠤ ᠥᠷᠲᠡᠭᠡ ᠪᠠᠶᠢᠭᠤᠯᠵᠤ᠂ 2 ᠬᠡᠦᠬᠡᠨ ᠠᠭᠤᠯᠠ ᠵᠡᠭᠡᠯᠢ ᠶᠢᠨ ᠨᠡᠶᠢᠭᠡᠮ ᠲᠣᠭᠤᠷᠢᠭ ᠤᠨ ᠠᠵᠢᠯᠲᠠᠨ᠂ 6 ᠬᠥᠳᠧ ᠨᠡᠶᠢᠭᠡᠮ ᠤᠨ ᠠᠵᠢᠯᠲᠠᠨ ᠤ ᠰᠡᠳᠬᠢᠴᠡ ᠶᠢᠨ  ᠦᠢᠯᠡᠴᠢᠯᠡᠭᠡᠨ ᠤ ᠠᠵᠢᠯᠲᠠᠨ ᠪᠠ 4 ᠡᠯ᠎ᠡ ᠨᠢᠭᠡᠴᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ ᠶᠢᠨ ᠰᠠᠶᠢᠨ ᠲᠤᠷᠠᠴᠤᠳ ᠢᠶᠠᠷ ᠪᠦᠷᠢᠯᠳᠦᠭᠰᠡᠨ ᠪᠠᠶᠢᠨ᠎ᠠ᠃ ᠭᠠᠷᠠᠭ ᠪᠦᠷᠢ ᠶᠢᠨ ᠵᠢᠷᠭᠤᠭᠠᠨ ᠳᠤ ᠡᠯᠡᠰᠦᠨ ᠴᠠᠷ᠎ᠠ ᠶᠢᠨ ᠬᠠᠮᠲᠤ ᠶᠢᠨ ᠲᠣᠭᠯᠠᠭᠠᠮ᠂ ᠰᠣᠨᠢᠨ ᠦᠵᠡᠬᠦ ᠲᠣᠭᠯᠠᠭᠠᠮ᠂ ᠠᠩᠬᠠᠨ ᠤ ᠬᠡᠷ ᠪᠦᠯᠢ ᠶᠢᠨ ᠬᠠᠷᠢᠴᠠᠭᠠᠨ ᠤ ᠨᠢᠭᠤᠴᠠ᠂ ᠡᠴᠢᠭᠡ ᠡᠬᠡ ᠦᠷ᠎ᠡ ᠬᠡᠦᠬᠡᠳ ᠤᠨ ᠭᠦᠨ ᠪᠣᠳᠣᠯᠭᠠᠰᠢᠷᠠᠬᠤ ᠵᠡᠷᠭᠡ ᠠᠵᠢᠯᠯᠠᠭ᠎ᠠ ᠥᠷᠨᠢᠭᠦᠯᠵᠦ᠂ ᠰᠠᠷ᠎ᠠ ᠪᠦᠷᠢ ᠨᠢᠭᠡ ᠤᠳᠠᠭ᠎ᠠ ᠬᠡᠷ ᠪᠦᠯᠢ ᠶᠢᠨ ᠬᠠᠷᠢᠴᠠᠭᠠᠨ ᠤ ᠪᠦᠯᠬᠦᠮ ᠤᠨ ᠬᠠᠪᠰᠤᠷᠤᠨ ᠵᠢᠯᠣᠭᠤᠳᠣᠯᠭ᠎ᠠ ᠬᠢᠨ᠎ᠠ᠃ ᠣᠯᠠᠨ  ᠵᠦᠢᠯ ᠤᠨ ᠲᠣᠭᠯᠠᠭᠠᠮ ᠤᠨ ᠠᠵᠢᠯᠯᠠᠭ᠎ᠠ ᠪᠠᠷ ᠳᠠᠮᠵᠢᠭᠤᠯᠤᠨ ᠡᠴᠢᠭᠡ ᠡᠬᠡ ᠦᠷ᠎ᠡ ᠬᠡᠦᠬᠡᠳ ᠤᠨ ᠬᠤᠭᠤᠷᠣᠨᠳᠣᠬᠢ ᠬᠠᠮᠵᠢᠯᠴᠠᠭ᠎ᠠ ᠪᠠ ᠰᠡᠳᠬᠢᠯ ᠰᠠᠨᠠᠭ᠎ᠠ ᠪᠠᠨ ᠤᠯᠤᠯᠴᠠᠬᠤ ᠶᠢ ᠰᠢᠯᠭᠠᠵᠤ᠂ ᠡᠴᠢᠭᠡ ᠡᠬᠡ ᠪᠣᠯᠤᠭᠰᠠᠳ ᠲᠤ ᠰᠣᠨᠣᠰᠬᠤ᠂ ᠣᠶᠢᠯᠠᠭᠠᠬᠤ᠂ ᠣᠷᠣᠨ ᠪᠠᠶᠢᠷᠢ ᠪᠠᠨ ᠰᠣᠯᠢᠵᠤ ᠰᠡᠳᠬᠢᠬᠦ ᠶᠢ ᠰᠤᠷᠭᠠᠵᠤ᠂ ᠬᠡᠦᠬᠡᠳ ᠤᠨ ᠢᠶᠠᠨ ᠵᠣᠭᠰᠣᠴᠠ ᠠᠴᠠ ᠠᠰᠠᠭᠤᠳᠠᠯ ᠳᠤ ᠬᠠᠨᠳᠤᠵᠤ᠂ ᠬᠡᠦᠬᠡᠳ ᠲᠠᠢ ᠪᠠᠨ ᠢᠲᠡᠭᠡᠯᠴᠡᠬᠦ ᠬᠠᠷᠢᠴᠠᠭ᠎ᠠ ᠪᠠᠶᠢᠭᠤᠯᠵᠤ᠂ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠡᠴᠢᠭᠡ ᠡᠬᠡ ᠦᠷ᠎ᠡ ᠬᠡᠦᠬᠡᠳ ᠤᠨ ᠬᠠᠷᠢᠴᠠᠭ᠎ᠠ᠂ ᠥᠰᠪᠦᠷᠢ ᠦᠶ᠎ᠡ ᠶᠢᠨ ᠰᠡᠳᠬᠢᠴᠡ᠂ ᠰᠤᠷᠤᠯᠴᠠᠬᠤ ᠰᠡᠳᠬᠢᠴᠡ ᠪᠠ ᠬᠥᠮᠦᠰ ᠤᠨ ᠬᠠᠷᠢᠴᠠᠭ᠎ᠠ ᠵᠡᠷᠭᠡ ᠠᠰᠠᠭᠤᠳᠠᠯ ᠢ ᠪᠦᠲᠦᠮᠵᠢᠲᠡᠶ  ᠰᠢᠢᠳᠪᠦᠷᠢᠯᠡᠵᠦ᠂ ᠨᠠᠰᠤᠨ ᠳᠤ ᠥᠯᠥ ᠭᠦᠷᠦᠭᠰᠡᠳ ᠤᠨ ᠰᠡᠳᠬᠢᠯ ᠤᠨ ︽ᠭᠤᠯᠭᠤᠷᠢᠭᠤᠯᠤᠭᠴᠢ︾ ᠪᠣᠯᠪᠠ᠃ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ᠂ ᠬᠥᠬᠡ ᠠᠭᠤᠯᠠ ᠵᠡᠭᠡᠯᠢ ᠶᠢᠨ ᠨᠡᠶᠢᠭᠡᠮ ᠲᠣᠭᠤᠷᠢᠭ ᠤᠨ ᠡᠪᠯᠡᠯ ᠤᠨ ᠶᠡᠷᠦᠩᠬᠡᠶ ᠡᠭᠦᠷ ᠪᠠᠰᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠪᠯᠡᠯ ᠤᠨ ᠬᠤᠷᠢᠶᠠᠨ ᠤ ᠣᠶᠤᠲᠠᠨ ᠰᠠᠶᠢᠨ ᠳᠤᠷᠠᠴᠤᠳ ᠲᠠᠢ ᠬᠠᠮᠲᠤᠷᠠᠨ ︽ᠤᠳᠬ᠎ᠠ ᠵᠣᠬᠢᠶᠠᠯ ᠤᠨ ᠲᠠᠩᠬᠢᠮ︾ ᠤᠨ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠤᠨ ᠠᠵᠢᠯᠯᠠᠭ᠎ᠠ ᠶᠢ ᠪᠠᠶᠢᠩᠭᠤ ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠢᠶᠠᠲᠤ ᠣᠷᠣᠨ ᠤ ᠬᠡᠦᠬᠡᠳ ᠤᠳ ᠲᠤ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠮᠡᠳᠡᠯᠭᠡ ᠶᠢ ᠲᠠᠶᠢᠯᠪᠤᠷᠢᠯᠠᠵᠤ᠂ ᠬᠡᠦᠬᠡᠳ ᠤᠳ ᠤᠨ ᠰᠢᠯᠢᠳᠡᠭ ᠤᠯᠠᠮᠵᠢᠯᠠᠯᠲᠤ ᠰᠣᠶᠣᠯ ᠢ ᠡᠵᠡᠮᠰᠢᠬᠦ ᠪᠠ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠵᠥᠪ ᠥᠷᠲᠡᠭ ᠤᠨ ᠦᠵᠡᠯᠲᠡ ᠲᠠᠢ ᠪᠣᠯᠬᠤ ᠶᠢ ᠠᠬᠢᠭᠤᠯᠪᠠ᠃
      ᠱᠤᠸᠠᠩ ᠲᠠ ᠵᠡᠭᠡᠯᠢ ᠶᠢᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ ᠤᠨ ᠬᠢᠨ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠤᠨ ᠨᠣᠮ ᠤᠨ ᠥᠷᠥᠭᠡ᠂ ᠠᠵᠢᠯᠯᠠᠭᠠᠨ ᠤ ᠲᠠᠰᠤᠭ ᠤᠨ   ᠦᠢᠯᠡᠳᠦᠯ ᠢ  ᠬᠦᠢᠴᠡᠳ ᠪᠠᠳᠠᠷᠠᠭᠤᠯᠵᠤ᠂ ︽ᠠᠩᠭ᠍ᠯᠢ ᠬᠡᠯᠡᠨ ᠤ ᠬᠢᠴᠢᠶᠡᠯ ᠤᠨ ᠲᠠᠩᠬᠢᠮ︾ ᠪᠣᠯᠤᠨ ︽ᠢ  ᠬᠦᠸᠧ ᠪᠣᠯᠪᠠᠰᠤᠷᠠᠯ ᠤᠨ ᠰᠤᠷᠭᠠᠭᠤᠯᠢ︾ ᠶᠢᠨ ᠣᠯᠠᠨ ᠲᠦᠮᠡᠨ ᠳᠤ  ᠦᠢᠯᠡᠴᠢᠯᠡᠬᠦ ᠲᠤᠰᠬᠠᠶᠢᠵᠢᠭᠰᠠᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠬᠠᠷᠢᠶᠠᠲᠤ ᠣᠷᠣᠨ ᠤ ᠵᠠᠯᠠᠭᠤᠴᠤᠳ ᠪᠠᠭᠠᠴᠤᠳ ᠲᠤ ᠰᠢᠨ᠎ᠡ ᠰᠤᠷᠤᠯᠴᠠᠬᠤ ᠵᠢᠭᠰᠠᠭᠠᠯ ᠤᠨ ᠭᠠᠵᠠᠷ ᠪᠣᠯᠤᠨ ᠳᠠᠭᠤᠤ ᠬᠥᠭᠵᠢᠮ ᠤᠨ ᠰᠣᠯᠢᠯᠴᠠᠭᠠᠨ ᠤ ᠲᠠᠪᠴᠠᠩ ᠬᠠᠩᠭᠠᠪᠠ᠃ ᠵᠣᠨ ᠤ ᠠᠮᠠᠷᠠᠯᠲᠠ ᠶᠢᠨ ᠬᠤᠭᠤᠴᠠᠭᠠᠨ ᠳᠤ᠂ ︽ᠠᠩᠭ᠍ᠯᠢ ᠬᠡᠯᠡᠨ ᠤ ᠬᠢᠴᠢᠶᠡᠯ ᠤᠨ ᠲᠠᠩᠬᠢᠮ ᠳᠤ ᠬᠥᠭᠡᠰᠦ ᠭᠠᠷᠬᠤ︾ ᠪᠠᠭᠰᠢ ᠠᠴᠠ ᠬᠡᠦᠬᠡᠳ ᠤᠨ ᠪᠠᠭ᠋ᠠᠲᠠᠶ ᠶᠠᠷᠢᠶᠠᠨ ᠤ ᠰᠡᠳᠦᠪ ᠲᠠᠢ ᠤᠶᠠᠯᠳᠤᠭᠤᠯᠤᠨ᠂ ᠠᠩᠭ᠍ᠯᠢ ᠬᠡᠯᠡᠨ ᠤ ᠰᠤᠷᠤᠯᠴᠠᠯᠭ᠎ᠠ ᠶᠢ ᠠᠮᠢᠳᠤᠷᠠᠯ ᠳᠤ ᠠᠭᠤᠰᠬᠠᠪᠠ᠃ ᠰᠣᠨᠢᠷᠬᠠᠯᠲᠠᠶ ᠵᠢᠭᠠᠬᠤ ᠪᠠᠭᠠᠵᠢ ᠪᠠᠷ ᠳᠠᠮᠵᠢᠭᠤᠯᠤᠨ᠂ ᠬᠡᠦᠬᠡᠳ ᠤᠳ ᠢ ᠬᠥᠲᠥᠯᠥᠨ ᠵᠢᠯᠣᠭᠤᠳᠴᠤ ᠲᠣᠭᠯᠠᠭᠠᠮ ᠳᠤ ᠠᠩᠭ᠍ᠯᠢ ᠬᠡᠯᠡ ᠬᠡᠯᠡ ᠬᠡᠯᠡᠭᠦᠯᠵᠦ᠂ ᠶᠠᠷᠢᠶᠠᠨ ᠤ ᠬᠡᠯᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠢ  ᠬᠦᠸᠧ ᠪᠣᠯᠪᠠᠰᠤᠷᠠᠯ ᠤᠨ ᠰᠤᠷᠭᠠᠭᠤᠯᠢ︾ ᠶᠢᠨ ᠪᠠᠭᠰᠢ ᠠᠴᠠ ᠬᠡᠦᠬᠡᠳ ᠤᠨ ᠳᠤᠷ᠎ᠠ ᠰᠣᠨᠢᠷᠬᠠᠯ ᠢ ᠦᠨᠳᠦᠰᠦᠯᠡᠨ᠂ ᠪᠥᠵᠢᠭ᠂ ᠵᠢᠷᠤᠭ᠂ ᠳᠠᠭᠤᠤ ᠵᠡᠷᠭᠡ ᠪᠠᠭ᠎ᠠ ᠬᠢᠴᠢᠶᠡᠯ ᠤᠨ ᠲᠠᠩᠬᠢᠮ ᠭᠠᠷᠭᠠᠵᠤ᠂ ᠬᠡᠦᠬᠡᠳ ᠤᠨ ᠠᠩᠬᠠᠷᠤᠯ᠂ ᠲᠥᠰᠦᠭᠡᠯᠡᠨ ᠪᠤᠳᠤᠬᠤ ᠴᠢᠳᠠᠪᠤᠷᠢ ᠶᠢ ᠬᠥᠮᠦᠵᠢᠭᠦᠯᠪᠡ᠃ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠬᠡᠦᠬᠡᠳ ᠤᠳ ᠤᠨ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠪᠠᠶᠠᠯᠢᠭᠵᠢᠭᠤᠯᠵᠤ᠂ ᠰᠤᠷᠤᠯᠭ᠎ᠠ ᠶᠢᠨ ᠳᠠᠷᠤᠭᠠᠰᠤ ᠶᠢ ᠬᠥᠩᠭᠡᠷᠡᠭᠦᠯᠬᠦ ᠶᠢᠨ ᠲᠥᠯᠥᠭᠡ᠂ ᠢ  ᠬᠦᠸᠧ ᠰᠤᠷᠭᠠᠨ ᠬᠥᠮᠦᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠪᠣᠯᠤᠨ  ᠱᠤᠸᠠᠩ ᠲᠠ ᠵᠡᠭᠡᠯᠢ ᠶᠢᠨ ᠨᠡᠶᠢᠭᠡᠮ ᠲᠣᠭᠤᠷᠢᠭ ᠤᠨ ᠠᠵᠢᠯᠳᠠᠨ ᠤᠯᠤᠰ ᠤᠨ ᠪᠠᠶᠠᠷ ᠢ ᠤᠭᠲᠤᠬᠤ ᠢᠷᠡᠭᠡᠳᠦᠢ ᠶᠢ ᠳᠡᠯᠭᠡᠨ ᠦᠵᠡᠭᠦᠯᠬᠦ ᠬᠡᠦᠬᠡᠳ ᠤᠨ ᠰᠡᠳᠬᠢᠯ ᠡᠬᠡ ᠤᠯᠤᠰ ᠤᠨ ᠢᠶᠠᠨ ︽ᠪᠢ ᠡᠬᠡ ᠤᠯᠤᠰ ᠲᠠᠢ ᠪᠠᠨ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠬᠡᠦᠬᠡᠳ ᠤᠳ ᠪᠥᠵᠢᠭ᠂ ᠨᠠᠶᠢᠷᠠᠯ ᠳᠠᠭᠤᠤ᠂ ᠪᠠᠶᠠᠨ ᠬᠤᠭᠤᠷ᠂ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠵᠡᠷᠭᠡ ᠠᠷᠭ᠎ᠠ ᠬᠡᠯᠪᠡᠷᠢ ᠪᠠᠷ ᠡᠬᠡ ᠤᠯᠤᠰ ᠲᠠᠭᠠᠨ ᠭᠦᠨ ᠰᠡᠳᠬᠢᠯᠭᠡ ᠲᠠᠢ ᠰᠡᠳᠬᠢᠯ ᠢᠶᠠᠨ ᠢᠯᠡᠳᠬᠡᠬᠦ ᠠᠵᠢᠯᠯᠠᠭ᠎ᠠ ᠥᠷᠨᠢᠭᠦᠯᠪᠡ᠃
      ᠠᠶᠢᠪᠠᠭᠠᠢ ᠵᠡᠭᠡᠯᠢ ᠶᠢᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠬᠢᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠯᠠᠭᠤᠴᠤᠳ ᠪᠠᠭᠠᠴᠤᠳ ᠲᠤ ᠪᠠᠶᠠᠯᠢᠭ ᠠᠭᠤᠯᠭ᠎ᠠ ᠲᠠᠢ ᠬᠢᠴᠢᠶᠡᠯ ᠤᠨ ᠭᠠᠳᠠᠨᠠᠬᠢ ᠠᠮᠢᠳᠤᠷᠠᠯ ᠣᠯᠭᠤᠪᠠ᠃ ︽ᠬᠡᠦᠬᠡᠳ ᠤᠨ ᠬᠡᠷ︾  ᠦᠢᠯᠡᠴᠢᠯᠡᠭᠡᠨ ᠤ ᠵᠢᠭᠰᠠᠭᠠᠯ ᠤᠨ ᠭᠠᠵᠠᠷ ᠲᠤ ᠲᠦᠰᠢᠭᠯᠡᠨ ︽ᠳᠥᠷᠪᠡᠨ ᠴᠠᠭ ᠬᠠᠭᠠᠰ ᠤᠨ ᠬᠢᠴᠢᠶᠡᠯ ᠤᠨ ᠲᠠᠩᠬᠢᠮ︾᠂ ︽ᠡᠴᠢᠭᠡ ᠡᠬᠡ ᠦᠷ᠎ᠡ ᠬᠡᠦᠬᠡᠳ ᠤᠨ ᠠᠵᠢᠯᠯᠠᠭᠠᠨ ᠤ ᠭᠠᠵᠠᠷ︾᠂ ︽ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠵᠢᠵᠢᠭ ᠶᠠᠷᠢᠶᠠᠨ ᠤ ᠲᠠᠪᠴᠠᠩ︾᠂ ︽ᠨᠠᠰᠤᠨ ᠳᠤ ᠥᠯᠥ ᠭᠦᠷᠦᠭᠰᠡᠳ ᠤᠨ ᠠᠵᠢᠯᠯᠠᠭᠠᠨ ᠤ ᠲᠠᠰᠤᠭ︾ ᠭᠠᠷᠭᠠᠵᠤ᠂ ᠨᠡᠶᠢᠭᠡᠮ ᠲᠣᠭᠤᠷᠢᠭ ᠤᠨ ᠰᠠᠶᠢᠨ ᠳᠤᠷᠠᠴᠤᠳ ᠲᠣᠭᠲᠠᠮᠠᠯ ᠬᠤᠭᠤᠴᠠᠭ᠎ᠠ ᠲᠠᠢ ᠪᠠᠷ ᠬᠢᠴᠢᠶᠡᠯ ᠤᠨ ᠳᠠᠷᠠᠭ᠎ᠠ᠂ ᠠᠮᠠᠷᠠᠯᠲᠠ ᠶᠢᠨ ᠬᠤᠭᠤᠴᠠᠭᠠᠨ ᠳᠤ ᠬᠠᠷᠢᠶ᠎ᠠ ᠣᠷᠣᠨ ᠤ ᠪᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠬᠠᠪᠰᠤᠷᠤᠨ ᠵᠢᠯᠣᠭᠤᠳᠴᠤ ᠰᠤᠷᠤᠯᠴᠠᠭᠤᠯᠤᠨ᠂ ᠰᠢᠨᠵᠢᠯᠡᠬᠦ ᠤᠬᠠᠭᠠᠨ ᠤ ᠪᠠᠭ᠎ᠠ ᠮᠡᠳᠡᠯᠭᠡ ᠶᠢ ᠲᠠᠶᠢᠯᠪᠤᠷᠢᠯᠠᠵᠤ᠂ ᠣᠯᠠᠨ ᠲᠠᠯ᠎ᠠ ᠶᠢᠨ ᠳᠤᠷ᠎ᠠ ᠰᠣᠨᠢᠷᠬᠠᠯ ᠢ ᠬᠥᠮᠦᠵᠢᠭᠦᠯᠦᠨ᠂ ᠰᠡᠳᠬᠢᠬᠦᠶ ᠶᠢ ᠰᠡᠩᠬᠡᠷᠡᠭᠦᠯᠵᠦ ᠪᠥᠬᠦ ᠲᠠᠯ᠎ᠠ ᠶᠢᠨ ᠪᠤᠶᠢᠵᠢᠯᠲᠠ ᠶᠢ ᠠᠬᠢᠭᠤᠯᠤᠨ᠎ᠠ᠃ ᠬᠤᠪᠢᠰᠬᠠᠯ ᠤᠨ ᠲᠣᠭᠯᠠᠯᠲᠠ ᠶᠢᠨ ᠲᠢᠩᠬᠢᠮ ᠤᠨ  ᠦᠢᠯᠡᠴᠢᠯᠡᠭᠡᠨ ᠤ ᠵᠢᠭᠰᠠᠭᠠᠯ ᠤᠨ ᠭᠠᠵᠠᠷ ᠲᠤ ᠲᠦᠰᠢᠭᠯᠡᠨ᠂ ᠵᠢᠷᠭᠤᠭᠠᠨ ᠰᠠᠷ᠎ᠠ ᠶᠢᠨ ᠨᠢᠭᠡᠨ ᠤ ᠬᠡᠦᠬᠡᠳ ᠤᠨ ᠪᠠᠶᠠᠷ ᠪᠠ ᠵᠣᠨ ᠤ ᠠᠮᠠᠷᠠᠯᠲᠠ ᠶᠢᠨ ᠬᠤᠭᠤᠴᠠᠭᠠᠨ ᠳᠤ ᠬᠠᠷᠢᠶᠠᠲᠤ ᠣᠷᠣᠨ ᠤ ᠪᠢᠴᠢᠬᠠᠨ ᠨᠠᠶᠢᠵᠠ ᠨᠠᠷ ᠢᠶᠠᠨ ᠵᠣᠬᠢᠶᠠᠨ ᠪᠠᠶᠢᠭᠤᠯᠵᠤ ︽ᠪᠦᠦ ᠪᠦᠦ︾᠂ ︽ᠵᠠᠷᠠᠭ︾ ᠵᠡᠷᠭᠡ ᠣᠯᠠᠨ ᠰᠢᠯᠢᠳᠡᠭ ᠬᠡᠦᠬᠡᠳ ᠤᠨ ᠺᠠᠷᠲ᠋ᠣᠨ ᠺᠢᠨᠣ᠋ ᠶᠢ ᠦᠵᠡᠭᠦᠯᠵᠦ᠂ ᠣᠶᠤᠨ ᠰᠠᠨᠠᠭᠠᠨ ᠤ ᠶᠢᠷᠲᠢᠨᠴᠦ ᠶᠢ ᠪᠠᠶᠠᠯᠢᠭᠵᠢᠭᠤᠯᠪᠠ᠃ ᠦᠦᠷ ᠰᠣᠶᠣᠯ ᠤᠨ ᠰᠤᠷᠭᠠᠭᠤᠯᠢ ᠶᠢᠨ  ᠦᠢᠯᠡᠴᠢᠯᠡᠭᠡᠨ ᠤ ᠵᠢᠭᠰᠠᠭᠠᠯ ᠤᠨ ᠭᠠᠵᠠᠷ ᠲᠤ ᠲᠦᠰᠢᠭᠯᠡᠨ᠂ ᠨᠠᠮ ᠤᠨ ᠬᠤᠷᠢᠶᠠᠨ ᠤ ᠪᠦᠷᠢᠯᠳᠦᠬᠦᠨ ᠨᠢᠭᠡᠴᠡ ᠲᠠᠢ ᠬᠠᠮᠲᠤᠷᠠᠨ ᠲᠣᠭᠲᠠᠮᠠᠯ ᠬᠤᠭᠤᠴᠠᠭ᠎ᠠ ᠲᠠᠢ ᠪᠠᠷ ︽ᠠᠮᠢᠳᠤᠷᠠᠯ ᠢ ᠪᠠᠶᠠᠰᠬᠠᠬᠤ︾ ᠲᠥᠷᠥᠯ  ᠵᠦᠢᠯ ᠢ ᠥᠷᠨᠢᠭᠦᠯᠵᠦ᠂ ᠬᠠᠷᠢᠶ᠎ᠠ ᠣᠷᠣᠨ ᠤ ᠬᠡᠦᠬᠡᠳ ᠤᠷᠠᠨ ᠦᠵᠡᠭᠦᠯᠭᠡ᠂ ᠬᠥᠭᠵᠢᠮ ᠬᠠᠪᠰᠤᠷᠭᠠᠵᠤ ᠤᠷᠠᠨ ᠤᠩᠰᠢᠯᠭ᠎ᠠ᠂ ᠦᠯᠢᠭᠡᠷᠲᠦ ᠵᠦᠴᠦᠭᠡ ᠵᠡᠷᠭᠡ ᠬᠡᠯᠪᠡᠷᠢ ᠪᠠᠷ ᠥᠪᠡᠷ ᠤᠨ ᠤᠩᠰᠢᠵᠤ ᠥᠩᠭᠡᠷᠡᠭᠰᠡᠨ ᠰᠠᠶᠢᠨ ᠨᠣᠮ ᠢᠶᠠᠨ ᠣᠯᠠᠨ ᠳᠤ ᠬᠤᠪᠢᠶᠠᠯᠴᠠᠵᠤ᠂ ᠣᠯᠠᠨ ᠢ ᠳᠠᠭᠠᠭᠤᠯᠤᠨ ᠰᠣᠨᠢᠷᠬᠠᠯᠲᠠᠶ ᠦᠯᠢᠭᠡᠷ ᠢ ᠰᠣᠨᠢᠷᠬᠠᠭᠤᠯᠵᠤ᠂ ᠤᠩᠰᠢᠯᠭ᠎ᠠ ᠶᠢᠨ ᠤᠷᠮ᠎ᠠ ᠶᠢ ᠬᠥᠭᠵᠢᠭᠡᠨ᠎ᠡ᠃      ᠲᠠᠷᠠᠭᠠᠴᠢ ᠶᠢᠨ ᠠᠯᠬᠤᠮ ᠳᠤ᠂ ᠪᠠᠲᠤᠬᠠᠭᠠᠯᠭ᠎ᠠ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ ᠤᠨ ᠬᠢᠨ ᠵᠢᠭᠰᠠᠭᠠᠯ ᠤᠨ ᠭᠠᠵᠠᠷ ᠤᠨ ᠳᠠᠪᠠᠭᠤᠯᠢᠭ ᠢᠶᠠᠨ  ᠭᠦᠢᠴᠡᠳ ᠪᠠᠳᠠᠷᠠᠭᠤᠯᠵᠤ᠂ ᠨᠡᠶᠢᠭᠡᠮ ᠤᠨ ᠡᠬᠢ ᠪᠠᠶᠠᠯᠢᠭ ᠢ ᠵᠣᠬᠢᠴᠠᠭᠤᠯᠤᠨ᠂ ︽ᠰᠤᠷᠭᠠᠭᠤᠯᠢ᠂ ᠨᠡᠶᠢᠭᠡᠮ ᠲᠣᠭᠤᠷᠢᠭ᠂ ᠬᠡᠷ ᠪᠦᠯᠢ︾ ᠭᠤᠷᠪᠠ ᠶᠢ ᠨᠢᠭᠡ ᠴᠣᠭᠴᠠᠵᠢᠭᠤᠯᠤᠭᠰᠠᠨ ᠰᠤᠷᠭᠠᠨ ᠬᠥᠮᠦᠵᠢᠯ ᠤᠨ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠣᠯᠠᠨ ᠡᠰᠢᠵᠢᠭᠰᠡᠨ ᠬᠢᠴᠢᠶᠡᠯ ᠤᠨ ᠭᠠᠳᠠᠨᠠᠬᠢ ᠠᠵᠢᠯᠯᠠᠭ᠎ᠠ ᠥᠷᠨᠢᠭᠦᠯᠬᠦ ᠶᠢᠨ ᠬᠠᠮᠲᠤ ᠪᠠᠰᠠ ᠬᠡᠷ ᠤᠨ ᠠᠬᠠᠮᠠᠳ ᠤᠨ ᠬᠢᠴᠢᠶᠡᠯ ᠤᠨ ᠲᠠᠩᠬᠢᠮ ᠢ ᠰᠠᠶᠢᠲᠤᠷ ᠡᠷᠭᠢᠯᠡᠵᠦ᠂ ᠬᠡᠷ ᠤᠨ ᠠᠬᠠᠮᠠᠳ ᠢ ᠬᠠᠪᠰᠤᠷᠤᠨ ︿ᠬᠤᠤᠰ ᠬᠠᠰᠤᠯᠲᠠ﹀ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠰᠢᠨᠵᠢᠯᠡᠬᠦ ᠤᠬᠠᠭᠠᠨᠴᠢ ᠬᠡᠦᠬᠡᠳ ᠬᠥᠮᠦᠵᠢᠭᠦᠯᠬᠦ ᠦᠵᠡᠯᠲᠡ᠂ ᠰᠤᠷᠤᠯᠴᠠᠬᠤ ᠦᠵᠡᠯᠲᠡ ᠶᠢ ᠪᠣᠶ ᠪᠣᠯᠭᠠᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠲᠤ ᠪᠠᠷ ᠰᠠᠬᠢᠨ ᠬᠠᠮᠠᠭᠠᠯᠠᠨ᠎ᠠ᠃ ᠪᠢᠴᠢᠬᠠᠨ ᠨᠠᠶᠢᠵᠠ ᠨᠠᠷ ᠤᠨ ︽ᠪᠠᠶᠠᠷ ᠬᠥᠷ ᠲᠠᠢ ᠴᠠᠭ ᠮᠥᠴᠡ︾ ᠶᠢ ᠦᠨᠡᠨ ᠬᠦ ᠰᠡᠷᠭᠦᠭᠡᠵᠦ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠰᠤᠷᠭᠠᠨ ᠬᠥᠮᠦᠵᠢᠯ ᠤᠨ ᠰᠠᠶᠢᠨ ᠰᠠᠶᠢᠬᠠᠨ ︽ᠠᠮᠢ ᠠᠬᠤᠶ ᠶᠢᠨ ᠲᠣᠭᠤᠷᠢᠭ︾ ᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠨᠡᠶᠢᠭᠡᠮ ᠲᠣᠭᠤᠷᠢᠭ ᠢ ᠬᠡᠦᠬᠡᠳ ᠤᠨ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢᠨ ᠳᠠᠷᠠᠭᠠᠬᠢ ᠴᠡᠩᠭᠡᠯ ᠤᠨ ᠬᠦᠷᠢᠶᠡᠯᠡᠩ ᠪᠣᠯᠭᠠᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号