150 ᠲᠦᠮᠡᠨ ᠲᠣᠨ︕ ᠮᠠᠨᠳᠤᠯ ᠪᠣᠭᠤᠮᠲᠠ ᠶᠢᠨ ᠪᠠᠷᠠᠭ᠎ᠠ ᠥᠩᠭᠡᠷᠡᠭᠦᠯᠦᠭᠰᠡᠨ ᠬᠡᠮᠵᠢᠶ᠎ᠡ ᠪᠠᠰᠠ ᠰᠢᠨ᠎ᠡ ᠰᠢᠪᠲᠤᠯᠤᠯᠲᠠ ᠶᠢ ᠪᠡᠶᠡᠯᠡᠭᠦᠯᠪᠡ︕
ᠨᠡᠶᠢᠲᠡᠯᠡᠭᠰᠡᠨ ᠴᠠᠭ᠄
2021/10/14
     10 ᠰᠠᠷ᠎ᠠ ᠶᠢᠨ 7 ᠤ ᠡᠳᠦᠷ ᠪᠣᠯᠲᠠᠯ᠎ᠠ᠂ ᠮᠠᠨᠳᠤᠯ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠪᠣᠭᠤᠮᠲᠠ ᠳᠤ ᠮᠡᠳᠡᠭᠦᠯᠦᠭᠰᠡᠨ  ᠬᠡᠮᠵᠢᠶ᠎ᠡ 150 . 79 ᠲᠦᠮᠡᠨ ᠲᠣᠨ ᠳᠤ ᠬᠦᠷᠴᠦ᠂ 2020 ᠣᠨ ᠤ ᠬᠢ ᠲᠠᠢ ᠬᠠᠷᠢᠴᠠᠭᠤᠯᠪᠠᠯ ᠬᠤᠶᠠᠷ ᠲᠠᠬᠢᠨ ᠢᠶᠠᠷ ᠨᠡᠮᠡᠭᠳᠡᠪᠡ᠃
      ᠡᠨᠡ ᠵᠢᠯ ᠠᠴᠠ ᠨᠠᠭᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠮᠠᠨᠳᠤᠯ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠶᠢ ᠠᠬᠢᠭᠤᠯᠵᠤ᠂ ᠣᠯᠠᠨ ᠵᠦᠶ᠋ᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠮᠠᠨᠳᠤᠯ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠬᠢᠯᠢ ᠶᠢᠨ ᠪᠣᠭᠤᠮᠲᠠ ᠶᠢ ᠨᠡᠪᠲᠡᠷᠡᠭᠦᠯᠬᠦ ᠪᠠ ᠬᠠᠭᠠᠬᠤ ᠴᠠᠭᠠᠷᠢᠭ ᠤᠨ ᠬᠠᠮᠢᠶᠠᠷᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠬᠢᠯᠢ ᠶᠢᠨ ᠪᠣᠭᠤᠮᠲᠠ ᠶᠢᠨ PCR ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠢᠯᠢ ᠶᠢᠨ ᠪᠣᠭᠤᠮᠲᠠ ᠶᠢᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠤᠯᠤᠰ ᠤᠨ ᠡᠭᠦᠳᠡᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠪᠣᠭᠤᠮᠲᠠ ᠪᠠᠷ ᠥᠩᠭᠡᠷᠡᠭᠦᠯᠬᠦ ᠴᠤᠪᠤᠷᠠᠯ ᠢ ᠲᠠᠰᠤᠷᠠᠯᠲᠠ ᠤᠢᠭᠡᠢ ᠰᠢᠯᠢᠳᠡᠭᠵᠢᠭᠦᠯᠦᠨ᠂ ᠪᠣᠭᠤᠮᠲᠠ ᠪᠠᠷ ᠥᠩᠭᠡᠷᠡᠭᠦᠯᠬᠦ ᠴᠠᠭ ᠢ ᠶᠡᠬᠡᠪᠡᠷ ᠪᠣᠭᠤᠨᠢᠰᠬᠠᠵᠤ᠂ ᠠᠵᠤ ᠠᠬᠤᠶᠢᠯᠠᠯ ᠳᠤ ᠪᠣᠭᠤᠮᠲᠠ ᠪᠠᠷ ᠥᠩᠭᠡᠷᠡᠭᠦᠯᠬᠦ ᠥᠪᠡᠷ ᠤᠨ ᠥᠷᠲᠡᠭ ᠢ ᠠᠷᠪᠢᠯᠠᠬᠤ ᠬᠡᠷᠡᠭᠲᠡᠶ᠃ ᠮᠠᠨᠳᠤᠯ ᠪᠣᠭᠤᠮᠲᠠ ᠶᠢᠨ ᠣᠶᠤᠨᠴᠢᠯᠠᠭᠰᠠᠨ ᠪᠠᠷᠠᠭ᠎ᠠ ᠶᠢᠨ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠲᠠᠷᠠᠬᠠᠢ ᠪᠤᠲᠠᠷᠬᠠᠶ ᠶᠢ ᠨᠢ ᠥᠭᠡᠷᠡᠴᠢᠯᠡᠵᠦ ᠲᠥᠪᠯᠡᠷᠡᠭᠦᠯᠬᠦ︾᠂ ︽ᠵᠠᠰᠠᠮᠠᠯ ᠵᠠᠮ ᠢ ᠲᠡᠮᠦᠷ ᠵᠠᠮ ᠳᠤ ᠣᠷᠣᠭᠤᠯᠬᠤ︾ ᠬᠡᠯᠪᠡᠷᠢ ᠶᠢ ᠬᠤᠪᠢᠷᠠᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠪᠣᠬᠢᠷᠲᠤᠯ ᠦᠭᠡᠢ᠂ ᠣᠶᠤᠨᠴᠢᠯᠠᠭᠰᠠᠨ ᠪᠣᠭᠤᠮᠲᠠ ᠶᠢ ᠴᠣᠭᠴᠠᠯᠠᠨ ᠪᠠᠶᠢᠭᠤᠯᠤᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号