ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠵᠢᠶᠠ ᠪᠦᠦ ᠯᠢᠶᠠᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2021/10/14
     10 ᠰᠠᠷ᠎ᠠ ᠶᠢᠨ 8 ᠤ ᠦᠳᠡ ᠶᠢᠨ ᠬᠤᠶᠢᠨ᠎ᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠴᠢᠨ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠯᠢᠨ ᠰᠤᠤ ᠴᠦᠨ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠳᠣᠯᠣᠳᠤᠭᠠᠷ ᠤᠳᠠᠭ᠎ᠠ ᠶᠢᠨ ᠪᠥᠬᠦᠳᠡ ︵ᠥᠷᠭᠡᠳᠬᠡᠭᠰᠡᠨ︶ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠮᠠᠨ ᠤ ᠬᠤᠰᠢᠭᠤᠨ ᠤ ᠲᠤᠰᠬᠠᠶ ᠲᠥᠷᠥᠯ ᠤᠨ ᠵᠢᠭᠡᠯᠡᠯᠭᠡ ᠶᠢᠨ ᠲᠡᠮᠳᠡᠭᠲᠦ᠂ ᠲᠤᠰᠬᠠᠶ ᠲᠥᠷᠥᠯ ᠤᠨ ᠪᠠᠯᠠ ᠮᠥᠩᠭᠦ ᠶᠢᠨ ᠬᠡᠷᠡᠭᠯᠡᠯᠲᠡ᠂ 2021 ᠣᠨ ᠤ ᠭᠤᠤᠯᠳᠠᠯᠭ᠎ᠠ ᠲᠠᠢ ᠲᠥᠷᠥᠯ ᠵᠦᠶ᠋ᠯ ᠤᠨ ᠠᠬᠢᠴᠠ᠂ 2022 ᠣᠨ ᠤ ᠳᠡᠭᠡᠳᠦ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠶ᠋ᠯ ᠤᠨ ᠲᠥᠯᠥᠪᠵᠢᠭᠦᠯᠭᠡ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ᠂ ᠪᠥᠬᠦ ᠬᠤᠰᠢᠭᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠷᠠᠯ ᠡᠷᠭᠢᠯᠡᠪᠡ᠃
      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠪᠠᠶᠢᠳᠠᠯ ᠳᠣᠣᠷᠠᠬᠢ ᠠᠮᠢᠳᠤ ᠪᠣᠳᠠᠰ ᠤᠨ ᠠᠮᠤᠷ ᠲᠦᠪᠰᠢᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠪᠠ ᠲᠤᠯᠭᠠᠮ ᠴᠢᠨᠠᠷ ᠢ ᠭᠦᠨᠵᠡᠭᠡᠢ ᠲᠠᠨᠢᠵᠤ᠂ ᠰᠢᠰᠲ᠋ᠧᠮᠲᠦ ᠰᠡᠳᠬᠢᠬᠦᠢ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠤᠬᠠᠮᠰᠠᠷ ᠢ ᠪᠤᠢ ᠪᠣᠯᠭᠠᠵᠤ᠂ ᠭᠤᠣᠯᠳᠠᠯᠭ᠎ᠠ ᠲᠠᠢ ᠠᠶᠤᠯ ᠲᠦᠭᠰᠢᠭᠦᠷᠢ ᠶᠢᠨ ᠬᠦᠷᠢᠶ᠎ᠡ ᠶᠢ ᠴᠢᠩᠭ᠎ᠠ ᠠᠩᠬᠠᠷᠴᠤ᠂ ᠪᠦᠬᠦ ᠬᠡᠯᠬᠢᠶᠡᠨ ᠤ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠮᠠᠨ ᠤ ᠬᠤᠰᠢᠭᠤᠨ ᠤ ᠠᠮᠢᠳᠤ ᠪᠣᠳᠠᠰ ᠤᠨ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠳᠠᠪᠬᠤᠷᠳᠠᠭᠰᠠᠨ ᠵᠠᠬᠢᠳᠠᠯ ᠰᠤᠷᠪᠤᠯᠵᠢᠯᠠᠯ ᠢ ᠴᠡᠭᠴᠡᠯᠡᠨ ᠵᠠᠰᠠᠬᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ  ᠰᠢᠢᠳᠪᠦᠷᠢᠯᠡᠬᠦ ᠲᠤᠰᠬᠠᠶ ᠠᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠡᠶ᠎ᠡ ᠵᠣᠬᠢᠴᠠᠩᠭᠤᠶ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠡᠶ᠃      ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤ᠂ ᠰᠠᠯᠠᠭ᠎ᠠ ᠮᠥᠴᠢᠷ ᠨᠢᠭᠡᠴᠡ ᠲᠤᠰᠬᠠᠶ ᠵᠢᠭᠡᠯᠡᠯᠭᠡ ᠶᠢᠨ ᠲᠡᠮᠳᠡᠭᠲᠦ ᠶᠢ ᠰᠠᠶᠢᠲᠤᠷ ᠬᠢᠬᠦ᠂ ᠪᠠᠯᠠ ᠮᠥᠩᠭᠦ ᠤᠯᠬᠤ᠂ ᠬᠡᠷᠡᠭᠯᠡᠬᠦ ᠶᠢᠨ ᠴᠢᠬᠤᠯᠠ ᠠᠴᠢ ᠬᠤᠯᠪᠣᠭᠳᠠᠯ ᠢ  ᠭᠦᠢᠴᠡᠳ ᠲᠠᠨᠢᠵᠤ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠠᠵᠢᠯ ᠤᠨ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠳᠡᠭᠡᠳᠦ ᠱᠠᠲᠤᠨ ᠤ ᠲᠤᠰᠬᠠᠶ ᠪᠠᠯᠠ ᠮᠥᠩᠭᠦ᠂ ᠵᠢᠭᠡᠯᠡᠯᠭᠡ ᠶᠢᠨ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠲᠡᠮᠡᠴᠡᠨ ᠤᠯᠬᠤ ᠬᠡᠷᠡᠭᠲᠡᠶ᠃ ᠪᠦᠬᠦ ᠬᠤᠰᠢᠭᠤ ᠪᠠᠷ ᠢᠶᠠᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠵᠢᠯ ᠤᠨ ᠬᠠᠷᠠᠯᠲᠠ ᠪᠠᠨ ᠭᠤᠶᠢᠪᠢᠰᠢ ᠦᠭᠡᠢ ᠠᠳᠬᠤᠵᠤ᠂ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠦᠬᠦ ᠲᠠᠯ᠎ᠠ ᠪᠠᠷ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠥᠷᠥ ᠶᠢᠨ ᠪᠣᠳᠣᠯᠭ᠎ᠠ ᠶᠢᠨ ᠬᠤᠪᠢᠷᠠᠯᠲᠠ ᠶᠢᠨ ᠰᠡᠷᠭᠡᠭ ᠴᠢᠨᠠᠷ ᠢ ᠴᠢᠩᠭᠠᠳᠬᠠᠵᠤ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ ᠶᠢ ᠰᠤᠳᠤᠯᠵᠤ᠂ ᠠᠵᠤ ᠠᠬᠤᠶ ᠶᠢᠨ ᠦᠷᠭᠦᠯᠵᠢᠯᠡᠨ ᠰᠠᠶᠢᠵᠢᠷᠠᠬᠤ ᠬᠥᠭᠵᠢᠯᠲᠡ ᠶᠢ ᠠᠬᠢᠭᠤᠯᠬᠤ ᠬᠡᠷᠡᠭᠲᠡᠶ᠃ ᠭᠤᠤᠯᠳᠠᠯᠭ᠎ᠠ ᠲᠠᠢ ᠲᠥᠷᠥᠯ ᠵᠦᠢᠯ ᠢ ᠳᠠᠭᠠᠭᠠᠴᠢᠯᠠᠨ ᠬᠤᠯᠪᠣᠭᠳᠠᠭᠤᠯᠬᠤ ᠲᠦᠷᠢᠮ ᠢ ᠨᠠᠶᠢᠳᠠᠪᠤᠷᠢᠵᠢᠭᠤᠯᠵᠤ᠂ ᠲᠥᠷᠥᠯ  ᠵᠦᠢᠯ ᠢ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠵᠤ᠂ ᠲᠥᠷᠥᠯ  ᠵᠦᠢᠯ ᠤᠨ ᠶᠠᠰᠤ ᠴᠢᠨᠠᠷ ᠤᠨ ᠪᠣᠭᠤᠮᠲᠠ ᠶᠢ ᠪᠠᠲᠤ ᠡᠵᠡᠮᠳᠡᠨ᠂  ᠦᠢᠯᠡᠴᠢᠯᠡᠭᠡ ᠪᠠᠲᠤᠯᠠᠭ᠎ᠠ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠨᠠᠩ ᠣᠯᠠᠨ ᠴᠢᠨᠠᠷ ᠰᠠᠶᠢᠲᠠᠶ ᠲᠥᠷᠥᠯ ᠵᠦᠶ᠋ᠯ ᠢ ᠮᠠᠨ ᠤ ᠬᠤᠰᠢᠭᠤᠨ ᠳᠤ ᠨᠠᠶᠢᠳᠠᠪᠤᠷᠢᠵᠢᠭᠤᠯᠬᠤ ᠬᠡᠷᠡᠭᠲᠡᠶ᠃ ᠬᠠᠷᠢᠭᠤᠴᠠᠯᠭ᠎ᠠ ᠶᠢ ᠪᠠᠲᠤᠳᠬᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠨ ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠣᠲᠣ ᠦᠶ᠎ᠡ ᠶᠢᠨ ᠡᠨᠧᠷᠭᠢ᠂ ᠰᠣᠶᠣᠯ ᠵᠢᠭᠤᠯᠴᠢᠯᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠣᠭᠤᠮᠲᠠ ᠶᠢᠨ ᠠᠵᠤ ᠠᠬᠤᠶ᠂ ᠤᠯᠠᠮᠵᠢᠯᠠᠯᠲᠤ ᠠᠵᠤ  ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠰᠢᠨ᠎ᠡ ᠮᠠᠲ᠋ᠧᠷᠢᠶᠠᠯ ᠤᠨ ᠠᠵᠤ  ᠦᠢᠯᠡᠰ ᠤᠨ ᠬᠡᠯᠬᠢᠶ᠎ᠡ ᠵᠡᠷᠭᠡ ᠬᠦᠷᠢᠶᠡᠨ ᠤ ᠤᠷᠤᠭᠰᠢ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠮᠠᠨ ᠤ ᠬᠤᠰᠢᠭᠤᠨ ᠤ ᠭᠠᠵᠠᠷ ᠣᠷᠣᠨ ᠤ ᠥᠷᠢᠰᠥᠯᠳᠦᠬᠦ ᠬᠦᠴᠦᠨ ᠪᠠ ᠠᠵᠤ ᠠᠬᠤᠶ ᠶᠢᠨ ᠬᠥᠭᠵᠢᠯᠲᠡ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃      ᠬᠤᠷᠠᠯ ᠠᠴᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠵᠤ ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠣᠳᠠᠲᠤ ᠶᠠᠪᠤᠳᠠᠯ ᠤᠨ ᠲᠦᠷᠦᠯ ᠵᠦᠢᠯ ᠤᠨ ᠨᠠᠷᠢᠨ ᠳᠠᠩᠰᠠ ᠲᠠᠢ ᠬᠠᠷᠭᠤᠭᠤᠯᠵᠤ᠂ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠰᠠᠶᠢᠨ ᠪᠣᠳᠠᠲᠤ ᠶᠠᠪᠤᠳᠠᠯ ᠬᠢᠵᠦ ᠲᠦᠷᠭᠡᠨ ᠰᠠᠶᠢᠲᠤᠷ ᠬᠢᠬᠦ ᠶᠢ ᠠᠬᠢᠭᠤᠯᠬᠤ ᠬᠡᠷᠡᠭᠲᠡᠢ᠃ ᠲᠤᠷᠰᠢᠯᠭ᠎ᠠ ᠪᠠᠨ ᠳ᠋ᠦᠩᠨᠡᠵᠦ᠂ ᠬᠢᠯᠠᠰ ᠴᠡᠭ ᠢ ᠳᠣᠪᠤᠶᠢᠯᠭᠠᠨ᠂ ᠮᠠᠨ ᠤ ᠬᠤᠰᠢᠭᠤᠨ ᠤ ᠣᠨᠴᠠᠯᠢᠭ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠤᠶᠠᠯᠳᠤᠭᠤᠯᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠪᠥᠬᠦ ᠨᠡᠶᠢᠭᠡᠮ ᠢᠶᠠᠷ ᠢᠶᠠᠨ ᠪᠣᠳᠠᠲᠤ ᠶᠠᠪᠤᠳᠠᠯ ᠢ ᠠᠳᠬᠤᠵᠤ ᠰᠠᠶᠢᠨ ᠶᠠᠪᠤᠳᠠᠯ ᠬᠢᠬᠦ ᠥᠳᠬᠡᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠬᠤ ᠬᠡᠷᠡᠭᠲᠡᠶ᠃      ᠬᠤᠷᠠᠯ ᠳᠡᠭᠡᠷ᠎ᠡ ᠪᠠᠰᠠ ᠬᠢᠯᠢ ᠬᠢᠵᠠᠭᠠᠷ ᠣᠷᠣᠨ ᠤ ᠨᠢᠭᠤᠴᠠ ᠶᠢ ᠵᠠᠳᠠᠷᠠᠭᠤᠯᠤᠭᠰᠠᠨ ᠰᠡᠷᠡᠮᠵᠢ ᠶᠢᠨ ᠬᠥᠮᠦᠵᠢᠯ ᠤᠨ ᠹᠢᠯᠢᠮ ᠢ ᠦᠵᠡᠵᠡᠶ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号