ᠵᠢᠶᠠ ᠪᠦᠦ ᠯᠢᠶᠠᠩ ᠵᠧᠵᠢᠶᠠᠩ᠂ ᠱᠠᠩᠬᠠᠶ ᠳᠤ ᠬᠤᠳᠠᠯᠳᠤᠭᠠᠴᠢᠨ ᠤᠷᠢᠵᠤ ᠠᠵᠢᠯ ᠪᠠᠶᠢᠴᠠᠭᠠᠪᠠ
ᠨᠡᠶᠢᠲᠡᠯᠡᠭᠰᠡᠨ ᠴᠠᠭ᠄
2021/10/14
     10 ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠵᠧᠵᠢᠶᠠᠩ᠂ ᠱᠠᠩᠬᠠᠶ ᠳᠤ ᠬᠦᠷᠴᠦ ᠵᠧᠵᠢᠶᠠᠩ ᠤᠨ ᠶᠦᠩ ᠾᠧ ᠬᠥᠯᠳᠡᠭᠡᠬᠦ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠶᠢᠨ ᠱᠢ ᠡᠬᠢ ᠪᠠᠶᠠᠯᠢᠭ ᠤᠨ ᠪᠦᠯᠦᠭᠯᠡᠯ᠂ ᠶᠤᠸᠠᠨ ᠵᠢᠩ ᠪᠦᠯᠦᠭᠯᠡᠯ ᠵᠡᠷᠭᠡ ᠠᠵᠤ ᠠᠬᠤᠶᠢᠯᠠᠯ ᠢ ᠰᠢᠨᠵᠢᠯᠡᠨ ᠪᠠᠶᠢᠴᠠᠭᠠᠵᠤ᠂ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠠᠵᠢᠯ ᠢ ᠥᠷᠨᠢᠭᠦᠯᠵᠦ᠂ ᠭᠡᠷ᠎ᠡ ᠲᠣᠭᠲᠠᠬᠤ ᠲᠥᠷᠥᠯ  ᠵᠦᠢᠯ ᠢ ᠵᠥᠪᠳᠡᠯᠴᠡᠨ ᠶᠠᠷᠢᠯᠴᠠᠬᠤ ᠶᠢ ᠠᠬᠢᠭᠤᠯᠪᠠ᠃      ᠵᠧᠵᠢᠶᠠᠩ ᠤᠨ ᠶᠦᠩ ᠾᠧ ᠬᠥᠯᠳᠡᠭᠡᠬᠦ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠭᠠᠨ᠂ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢ ᠨᠠᠷᠢᠨ ᠣᠶᠢᠯᠠᠭᠠᠵᠤ᠂ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠲᠦᠩ ᠵᠢᠶᠠᠨ ᠭᠦᠸᠧ ᠵᠡᠷᠭᠡ ᠬᠠᠷᠢᠭᠤᠴᠠᠯᠭᠠᠲᠠᠨ ᠲᠠᠢ ᠭᠦᠨᠵᠡᠭᠡᠢ ᠵᠥᠪᠳᠡᠯᠴᠡᠵᠦ᠂ ᠹᠯᠣᠷ ᠤᠨ ᠮᠠᠲ᠋ᠧᠷᠢᠶᠠᠯ ᠤᠨ ᠬᠠᠮᠲᠤᠷᠠᠯᠴᠠᠭᠠᠨ ᠤ ᠲᠦᠷᠦᠯ ᠵᠦᠢᠯ ᠢ ᠠᠬᠢᠭᠤᠯᠬᠤ ᠲᠤᠬᠠᠢ ᠪᠣᠳᠠᠲᠠᠢ ᠲᠤᠬᠢᠷᠠᠭᠤᠯᠤᠯᠳᠠ ᠬᠢᠪᠠ᠃       ᠶᠢᠨ ᠱᠢ ᠡᠬᠢ ᠪᠠᠶᠠᠯᠢᠭ ᠤᠨ ᠪᠦᠯᠦᠭᠯᠡᠯ ᠳᠤ᠂ ᠪᠡᠯᠡ ᠣᠷᠣᠭᠤᠯᠵᠤ ᠪᠠᠶᠢᠭᠤᠯᠤᠭᠰᠠᠨ ᠤᠰᠤᠲᠥ᠋ᠷᠥᠭᠴᠢ ᠹᠯᠣᠷ ᠬᠦᠴᠢᠯ ᠪᠣᠯᠤᠨ ᠤᠰᠤ ᠦᠭᠡᠢ ᠹᠯᠣᠷᠲᠤ ᠬᠥᠩᠭᠡᠨᠴᠠᠭᠠᠨ ᠤ ᠵᠥᠭᠡᠯᠡᠨ ᠦᠢᠯᠡᠳᠪᠦᠷᠢᠯᠡᠯ ᠤᠨ ᠱᠤᠭᠤᠮ ᠤᠨ ᠲᠦᠷᠦᠯ ᠵᠦᠢᠯ ᠢ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠶᠢᠨ ᠬᠤᠸᠠ ᠨᠠᠷ ᠲᠠᠢ ᠭᠦᠨᠵᠡᠭᠡᠢ ᠰᠣᠯᠢᠯᠴᠠᠭᠰᠠᠨ ᠪᠥᠭᠡᠳ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠤᠨ ᠳᠠᠩᠰᠠ ᠡᠪᠬᠡᠮᠡᠯ ᠢ ᠮᠡᠳᠡᠭᠦᠯᠦᠨ ᠵᠥᠪᠰᠢᠶᠡᠷᠡᠭᠦᠯᠬᠦ ᠵᠡᠷᠭᠡ ᠠᠵᠢᠯ ᠢ ᠲᠦᠷᠭᠡᠳᠬᠡᠨ ᠠᠬᠢᠭᠤᠯᠬᠤ ᠲᠤᠬᠠᠢ ᠪᠣᠳᠠᠲᠠᠢ ᠲᠤᠬᠢᠷᠠᠭᠤᠯᠪᠠ᠃      ᠶᠤᠸᠠᠨ ᠵᠢᠩ ᠪᠦᠯᠦᠭᠯᠡᠯ ᠳᠤ᠂ ᠺᠣᠮᠫᠠᠨᠢ ᠶᠢᠨ ᠳᠡᠳ᠋ ᠶᠡᠷᠦᠩᠬᠡᠶ ᠵᠠᠬᠢᠷᠤᠯ ᠯᠧᠦ ᠢ ᠮᠢᠨ ᠵᠡᠷᠭᠡ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠠᠢ ᠶᠠᠷᠢᠯᠴᠠᠨ ᠰᠣᠯᠢᠯᠴᠠᠵᠤ᠂ ᠲᠡᠭ ᠨᠡᠭᠦᠷᠡᠰᠦᠲᠥ᠋ᠷᠥᠭᠴᠢ ᠶᠢᠨ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠢ ᠪᠥᠲᠥᠭᠡᠨ ᠪᠠᠶᠢᠭᠤᠯᠬᠤ ᠲᠤᠬᠠᠶ ᠵᠥᠪᠳᠡᠯᠴᠡᠭᠡ ᠬᠢᠵᠦ᠂ ᠬᠠᠮᠲᠤᠷᠠᠯᠴᠠᠭ᠎ᠠ ᠪᠠᠨ ᠲᠦᠷᠭᠡᠳᠬᠡᠨ ᠠᠬᠢᠭᠤᠯᠬᠤ ᠶᠢ ᠬᠠᠮᠲᠤ ᠪᠠᠷ ᠰᠤᠳᠤᠯᠪᠠ᠃      ᠵᠢᠶᠠ ᠪᠦᠦ ᠯᠢᠶᠠᠩ ᠠᠵᠤ ᠠᠬᠤᠶᠢᠯᠠᠯ ᠢᠶᠠᠷ ᠰᠢᠨᠵᠢᠯᠡᠨ ᠪᠠᠶᠢᠴᠠᠭᠠᠬᠤ ᠳᠠᠭᠠᠨ᠂ ᠶᠦᠩ ᠾᠧ᠂ ᠶᠢᠨ ᠱᠢ᠂ ᠶᠤᠸᠠᠨ ᠵᠢᠩ ᠵᠡᠷᠭᠡ ᠲᠤᠮᠤ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠣᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠠᠪᠴᠢᠷᠠᠬᠤ ᠶᠡᠭᠡ ᠶᠠᠪᠤᠳᠠᠯ ᠮᠥᠨ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠢ ᠪᠠᠶᠢᠭᠤᠯᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠠᠬᠢᠭᠤᠯᠬᠤ ᠴᠢᠬᠤᠯᠠ ᠲᠤᠯᠭᠠᠭᠤᠷᠢᠯᠠᠯ ᠮᠥᠨ᠃ ᠲᠥᠷᠥᠯ  ᠵᠦᠢᠯ ᠢ ᠠᠬᠢᠭᠤᠯᠬᠤ ᠰᠡᠳᠬᠢᠮᠵᠢ ᠶᠢᠨ ᠲᠠᠯ᠎ᠠ ᠪᠠᠷ ᠭᠦᠶ᠋ᠴᠡᠳ ᠨᠤᠲᠠᠯᠠᠯᠲᠠ ᠬᠢᠵᠦ᠂ ᠡᠮᠦᠨᠡᠬᠢ ᠬᠤᠭᠤᠴᠠᠭᠠᠨ ᠤ ᠭᠠᠷᠳᠠᠮ ᠢ  ᠭᠦᠢᠴᠡᠳᠬᠡᠭᠦᠤ᠋ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ  ᠦᠢᠯᠡᠴᠢᠯᠡᠵᠦ᠂ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠲᠠᠯ᠎ᠠ ᠪᠠᠷ ᠥᠨᠳᠥᠷ ᠪᠦᠲᠦᠮᠵᠢᠲᠡᠶ ᠠᠬᠢᠭᠤᠯᠵᠤ᠂ ᠠᠷᠠᠯᠵᠢᠶᠠᠴᠢᠨ ᠤᠷᠢᠬᠤ ᠨᠥᠯᠥᠭᠡᠯᠡᠬᠦ ᠬᠦᠴᠦᠨ ᠢ ᠴᠢᠷᠮᠠᠶᠢᠨ ᠪᠦᠷᠢᠯᠳᠦᠭᠦᠯᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠴᠢᠩᠭ᠎ᠠ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠰᠢᠭᠤᠨ ᠤ ᠤᠳᠤᠷᠢᠳᠤᠯᠭ᠎ᠠ ᠬᠤᠸᠠᠩ ᠯᠦᠩ᠂ ᠬᠤ᠋ ᠴᠢᠶᠠᠩ᠂ ᠵᠢᠢ ᠴᠢᠤᠸᠠᠨ ᠵᠦ ᠵᠢᠴᠢ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠭᠤᠣᠯ ᠬᠠᠷᠢᠭᠤᠴᠠᠯᠭᠠᠲᠠᠨ ᠪᠠᠷ᠎ᠠ ᠪᠣᠯᠪᠠ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号