ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/14
     10 ᠰᠠᠷ᠎ᠠ ᠶᠢᠨ 12 ᠤᠨ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠰᠢᠤᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ ᠶᠢᠨ  ᠦᠢᠯᠡᠴᠢᠯᠡᠭᠡᠨ ᠤ ᠲᠥᠪ ᠤᠨ ᠡᠷᠬᠢᠯᠡᠭᠴᠢ ᠂ ᠯᠧᠺᠲ᠋ᠣᠷ ᠤᠨ ᠪᠦᠯᠬᠦᠮ ᠤᠨ ᠳᠠᠷᠤᠭ᠎ᠠ ᠡᠤ  ᠴᠢᠶᠦ᠋ᠨ ᠵᠦᠦ ᠬᠤᠷᠠᠯ ᠢ ᠡᠷᠭᠢᠯᠡᠪᠡ᠃ ᠪᠦᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠵᠢᠴᠢ ᠬᠤᠲᠠ ᠡᠭᠦᠳᠬᠦ ᠬᠠᠷᠢᠭᠤᠴᠠᠯᠭᠠᠲᠤ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠤᠰᠬᠠᠶ ᠲᠣᠭᠤᠷᠢᠨ ᠪᠠᠶᠢᠴᠠᠭᠠᠯᠲᠠ ᠪᠠ ᠰᠤᠷᠲᠠᠯ ᠤᠨ ᠪᠠᠶᠢᠭᠤᠯᠤᠯᠲᠠ ᠶᠢᠨ ︽ᠡᠷᠬᠢᠨ ᠬᠠᠷᠠᠬᠤ ︾ ᠠᠵᠢᠯ ᠥᠷᠨᠢᠭᠦᠯᠦᠭᠰᠡᠨ ᠪᠠᠶᠢᠳᠠᠯ ᠢ ᠬᠠᠷᠢᠭᠤ ᠲᠤᠰᠬᠠᠬᠤ ᠬᠤᠷᠠᠯ ᠤᠨ ᠬᠤᠲᠠ ᠡᠭᠦᠳᠬᠦ ᠲᠠᠯ᠎ᠠ ᠶᠢᠨ ᠠᠰᠠᠭᠤᠳᠠᠯ ᠢ ᠵᠠᠷᠯᠠᠨ ᠮᠡᠳᠡᠭᠳᠡᠭᠰᠡᠨ ᠪᠥᠭᠡᠳ ᠠᠰᠠᠭᠤᠳᠠᠯ ᠳᠤ ᠴᠢᠭᠯᠡᠭᠦᠯᠦᠨ ᠲᠠᠷᠠᠭᠠᠴᠢ ᠶᠢᠨ ᠱᠠᠲᠤᠨ ᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠲᠦᠭᠰᠢᠭᠦᠷᠢ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠥᠪᠡᠷᠲᠡᠭᠡᠨ ᠪᠠᠶᠢᠴᠠᠭᠠᠵᠤ ᠬᠤᠲᠠ ᠪᠠᠶᠢᠭᠤᠯᠬᠤ ᠠᠵᠢᠯ ᠤᠨ ᠳᠤᠮᠳᠠᠬᠢ ᠬᠦᠷᠦᠯᠴᠡᠬᠦ ᠥᠬᠡᠶ ᠲᠠᠯ᠎ᠠ ᠪᠠᠨ ᠪᠠᠶᠢᠴᠠᠭᠠᠨ᠂ ᠴᠢᠷᠮᠠᠶᠢᠬᠤ ᠴᠢᠭᠯᠡᠯ ᠢᠶᠠᠨ ᠣᠨᠣᠪᠴᠢᠲᠠᠶ ᠣᠯᠵᠤ᠂ ᠯᠠᠪᠳᠠᠭᠤᠨ ᠪᠠᠲᠤᠲᠠᠶ ᠰᠤᠷᠲᠠᠯ ᠢᠶᠠᠷ ᠮᠠᠨ ᠤ ᠬᠤᠰᠢᠭᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠡᠷᠡᠭᠲᠡᠶ᠃ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ ᠡᠯ᠎ᠡ ᠵᠦᠶ᠋ᠯ ᠤᠨ ᠠᠵᠢᠯ ᠢ ᠨᠠᠷᠢᠯᠢᠭ ᠪᠣᠳᠠᠲᠠᠶ ᠠᠳᠬᠤᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠢᠨ ᠳᠡᠭᠡᠷ᠎ᠡ ᠨᠢ ᠬᠦᠴᠦᠯᠡᠵᠦ᠂ ᠬᠠᠷᠭᠤᠭᠤᠯᠤᠨ ᠦᠨᠡᠯᠡᠬᠦ ᠰᠢᠰᠲ᠋ᠧᠮ ᠲᠠᠢ ᠬᠠᠷᠭᠤᠭᠤᠯᠵᠤ᠂ ᠭᠤᠤᠯᠳᠠᠯᠭ᠎ᠠ ᠲᠠᠢ ᠲᠠᠯᠠᠪᠤᠷ ᠢ ᠪᠥᠬᠦ ᠲᠠᠯ᠎ᠠ ᠪᠠᠷ ᠨᠠᠷᠢᠯᠢᠭ ᠵᠢᠭᠰᠠᠭᠠᠨ ᠪᠠᠶᠢᠴᠠᠭᠠᠵᠤ᠂ ᠠᠰᠠᠭᠤᠳᠠᠯ ᠤᠨ ᠨᠠᠷᠢᠨ ᠲᠠᠩᠰᠠ ᠶᠢ  ᠵᠦᠢᠯ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠴᠠᠭ ᠤᠨ ᠬᠦᠰᠦᠨᠦᠭᠲᠦ᠂ ᠡᠭᠦᠷᠭᠡ ᠶᠢᠨ ᠪᠢᠴᠢᠭ᠂ ᠵᠠᠮ ᠱᠤᠭᠤᠮ ᠤᠨ ᠵᠢᠷᠤᠭ ᠢ ᠲᠣᠭᠲᠠᠭᠠᠵᠤ᠂ ᠡᠯ᠎ᠡ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠠᠵᠢᠯ ᠤᠨ ᠲᠣᠭᠲᠠᠴᠠ ᠶᠢ ᠪᠦᠷᠢᠨ ᠪᠣᠯᠭᠠᠨ᠂ ᠠᠵᠢᠯ ᠤᠨ ᠬᠠᠷᠢᠭᠤᠴᠠᠯᠭ᠎ᠠ ᠶᠢ ᠱᠠᠲᠤ ᠳᠠᠷᠠᠭᠠᠯᠠᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠂ ᠠᠰᠠᠭᠤᠳᠠᠯ ᠢ ᠠᠳᠬᠤᠨ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠬᠦ ᠬᠤᠰᠢᠭᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号