ᠤᠰᠤᠨ ᠰᠣᠪᠤᠷᠭᠠᠳᠦ ᠵᠡᠭᠡᠯᠢ ᠶᠢᠨ ᠨᠡᠶᠢᠭᠡᠮ ᠲᠤᠭᠤᠷᠢᠭ ᠤᠨ ᠬᠠᠮᠳᠤᠷᠠᠭᠰᠠᠨ ᠨᠠᠮ ᠤᠨ ᠬᠤᠷᠢᠶ᠎ᠠ ᠭᠤᠤᠯ ᠰᠡᠳᠦᠪᠳᠦ ᠨᠠᠮ ᠤᠨ ᠡᠳᠦᠷ ᠤᠨ ᠬᠦᠳᠡᠯᠭᠡᠭᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2021/10/18
     10 ᠰᠠᠷ᠎ᠠ ᠶᠢᠨ14 ᠤ ᠡᠳᠦᠷ᠂ ᠬᠤᠰᠢᠭᠤᠨ ᠤ ᠦᠨᠳᠦᠰᠦᠳᠡᠨ ᠤ ᠬᠡᠥᠬᠡᠳ ᠤᠨ ᠴᠡᠴᠡᠷᠯᠢᠭ ᠤᠨ ᠨᠠᠮ ᠤᠨ ᠬᠤᠷᠢᠶ᠎ᠠ ᠪᠠ ᠤᠰᠤᠨ ᠰᠤᠪᠣᠷᠭᠠᠳᠦ ᠵᠡᠭᠡᠯᠢ ᠶᠢᠨ ᠨᠡᠶᠢᠭᠡᠮ ᠲᠤᠭᠤᠷᠢᠭ ᠤᠨ ᠬᠠᠮᠳᠤᠷᠠᠭᠰᠠᠨ ᠨᠠᠮ ᠤᠨ ᠬᠤᠷᠢᠶ᠎ᠠ ᠬᠠᠮᠳᠤᠪᠠᠷ ︽ᠶᠢᠰᠤᠨ ᠰᠠᠷ᠎ᠠ ᠶᠢᠨ ᠶᠢᠰᠤᠨ ᠤ ᠡᠳᠦᠷ ᠤᠨ ᠨᠠᠰᠤᠳᠠᠶᠢᠴᠤᠤᠯ ᠢᠶᠠᠨ ᠬᠦᠨᠳᠦᠯᠡᠨ ᠠᠴᠢᠯᠠᠬᠤ︾ ᠭᠤᠤᠯ ᠰᠡᠳᠦᠪᠳᠦ ᠨᠠᠮ ᠤᠨ ᠡᠳᠦᠷ ᠤᠨ ᠬᠦᠳᠡᠯᠭᠡᠭᠡᠨ ᠢ ᠤᠰᠤᠨ ᠰᠤᠪᠤᠷᠭᠠᠳᠦ ᠵᠡᠭᠡᠯᠢ ᠶᠢᠨ ᠨᠡᠶᠢᠭᠡᠮ ᠲᠤᠭᠤᠷᠢᠭ ᠤᠨ ᠬᠦᠳᠡᠯᠭᠡᠭᠡᠨ ᠤ ᠲᠠᠰᠤᠭ ᠲᠤ ᠡᠷᠬᠢᠯᠡᠨ ᠶᠠᠪᠤᠭᠳᠠᠭᠤᠯᠤᠭᠰᠠᠨ ᠪᠠᠶᠢᠨ᠎ᠠ᠃
     ᠬᠦᠳᠡᠯᠭᠡᠭᠡᠨ ᠳᠤ ᠦᠨᠳᠦᠰᠦᠳᠡᠨ ᠤ ᠬᠡᠥᠬᠡᠳ ᠤᠨ ᠴᠡᠴᠡᠷᠯᠢᠭ ᠤᠨ ᠬᠦᠭᠡᠷᠦᠬᠦᠨ ᠪᠦᠥᠪᠡᠢ ᠨᠠᠷ ᠠᠴᠠ ᠨᠠᠰᠤᠳᠠᠶᠢᠴᠤᠤᠯ ᠳᠤ ᠲᠠᠭᠤᠤ ᠪᠦᠵᠢᠭ ᠤᠨ ᠲᠤᠭᠯᠠᠯᠳᠠ ᠭᠠᠷᠭᠠᠵᠦ᠂ ᠨᠢᠯᠬ᠎ᠠ ᠪᠠᠯᠴᠢᠷ ᠬᠡᠥᠬᠡᠳ ᠤᠨ ᠬᠦᠭᠡᠷᠦᠬᠦᠨ ᠲᠤᠭᠯᠠᠯᠳᠠ ᠨᠢ  ᠠᠬᠤᠢ ᠲᠠᠯᠠᠪᠠᠢ ᠶᠢᠨ ᠨᠠᠰᠤᠳᠠᠶᠢᠴᠤᠤᠯ ᠢ ᠮᠠᠰᠢ ᠪᠠᠶᠠᠰᠬᠠᠨ ᠲᠡᠳᠡᠨ ᠤ ᠦᠬᠦᠭᠡᠷᠳᠦᠯ ᠢ ᠶᠡᠬᠡᠳᠡ ᠤᠯᠤᠭᠰᠠᠨ ᠪᠢᠯᠡ᠃ ᠲᠤᠭᠯᠠᠯᠳᠠ ᠶᠢᠨ ᠲᠠᠷᠠᠭ᠎ᠠ ᠴᠡᠴᠡᠷᠯᠢᠭ ᠤᠨ ᠪᠦᠬᠦ ᠪᠠᠭᠰᠢ ᠰᠤᠷᠤᠭᠴᠢᠳ ᠠᠴᠠ ᠨᠡᠶᠢᠭᠡᠮ ᠲᠤᠭᠤᠷᠢᠭ ᠤᠨ ᠬᠦᠴᠢᠷᠳᠡᠯᠳᠡᠢ ᠨᠠᠰᠤᠳᠠᠶᠢᠴᠤᠤᠯ   ᠳᠤ ᠲᠤᠬᠤᠨᠢᠭᠤᠯᠭ᠎ᠠ ᠶᠢᠨ ᠡᠳ᠋ ᠪᠤᠳᠠᠰ ᠪᠠ ᠪᠠᠶᠠᠷ ᠤᠨ ᠡᠳᠦᠷ  ᠤᠨ ᠮᠡᠨᠳᠦᠴᠢᠯᠡᠭᠡ ᠬᠦᠷᠭᠡᠵᠦ ᠨᠠᠰᠤᠳᠠᠳ ᠢᠶᠠᠨ ᠪᠠᠶᠠᠷᠯᠠᠭᠤᠯᠪᠠ᠃
     ᠲᠤᠰ ᠤᠳᠠᠭᠠᠨ ᠤ ᠭᠤᠤᠯ  ᠰᠡᠳᠦᠪᠳᠦ ᠨᠠᠮ ᠤᠨ  ᠡᠳᠦᠷ ᠤᠨ ᠬᠦᠳᠡᠯᠭᠡᠭᠡᠨ ᠨᠢ ᠬᠡᠥᠬᠡᠳ ᠪᠠᠭᠠᠴᠤᠳ ᠲᠤ ᠠᠬᠠᠮᠠᠳ ᠪᠤᠭᠤᠷᠤᠯ ᠢᠶᠠᠨ ᠬᠤᠶᠢᠮᠤᠷ ᠲᠠᠭᠠᠨ ᠵᠢᠷᠭᠠᠭᠤᠯᠬᠤ ᠨᠢ ᠬᠡᠥᠬᠡᠳ ᠠᠴᠢᠨᠠᠷ ᠤᠨ ᠬᠠᠮᠤᠭ ᠤᠨ ᠲᠡᠭᠡᠳᠦ ᠵᠢᠷᠭᠠᠯ ᠬᠡᠳᠡᠭ ᠢ ᠲᠠᠨᠢᠭᠤᠯᠤᠨ᠂ ᠨᠠᠰᠤᠳᠠᠶᠢᠴᠤᠤᠯ ᠢᠶᠠᠨ ᠠᠰᠠᠷᠠᠨ ᠬᠦᠨᠳᠦᠯᠡᠬᠦ ᠲᠤᠮᠳᠠᠳᠦ ᠶᠢᠨ ᠦᠨᠳᠦᠰᠦᠳᠡᠨ ᠤ ᠤᠯᠠᠮᠵᠢᠯᠠᠯᠳᠦ ᠰᠠᠶᠢᠬᠠᠨ ᠶᠤᠰᠤ ᠰᠤᠷᠳᠠᠬᠤᠨ ᠢ ᠤᠶᠢᠯᠠᠭᠠᠭᠤᠯᠤᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号