ᠨᠤᠮ ᠲᠠᠢ ᠲᠠᠷᠬᠠᠨ ᠮᠤᠤᠮᠢᠩᠭᠠᠨ —  ᠮᠦᠩᠬᠡᠳᠡᠯᠭᠡᠷ
ᠨᠡᠶᠢᠲᠡᠯᠡᠭᠰᠡᠨ ᠴᠠᠭ᠄
2021/10/19
ᠵᠤᠬᠢᠶᠠᠭᠴᠢ ᠶᠢᠨ ᠲᠠᠨᠢᠯᠴᠠᠭᠤᠯᠭ᠎ᠠ᠄      ᠮᠦᠩᠬᠡᠳᠡᠯᠭᠡᠷ᠂ ᠤᠪᠤᠭ ᠬᠠᠷᠠᠨᠤᠳ᠂  ᠡᠷᠡᠭᠳᠡᠢ᠂ ᠮᠤᠩᠭᠤᠯ ᠦᠨᠳᠦᠰᠦᠳᠡᠨ᠂1940 ᠤᠨ ᠳᠤ ᠦᠪᠦᠷ ᠮᠤᠩᠭᠤᠯ ᠤᠨ ᠤᠤᠯ ᠤᠨ ᠮᠤᠤᠮᠢᠩᠭᠠᠨ ᠬᠤᠰᠢᠭᠤᠨ ᠳᠤ ᠲᠦᠷᠦᠪᠡ᠃ ᠲᠤᠮᠳᠠᠳᠦ ᠤᠯᠤᠰ ᠤᠨ ᠡᠪ ᠬᠠᠮᠳᠦ ᠨᠠᠮ  ᠤᠨ ᠬᠡᠰᠢᠬᠦᠨ᠂ ᠲᠤᠮᠳᠠᠳᠦ ᠤᠯᠤᠰ ᠤᠨ ᠮᠤᠩᠭᠤᠯ ᠤᠨ ᠲᠡᠥᠬᠡ ᠰᠤᠳᠤᠯᠬᠤ ᠨᠡᠶᠢᠭᠡᠮᠯᠢᠭ ᠤᠨ ᠬᠡᠰᠢᠬᠦᠨ᠂ ᠲᠤᠮᠳᠠᠳᠦ ᠤᠯᠤᠰ ᠤᠨ ᠠᠷᠠᠳ ᠤᠨ ᠵᠠᠩ ᠦᠢᠯᠡ ᠶᠢ ᠰᠡᠭᠦᠳᠡᠷᠯᠡᠬᠦ ᠨᠡᠶᠢᠭᠡᠮᠯᠢᠭ ᠤᠨ ᠬᠡᠰᠢᠬᠦᠨ᠂ ᠬᠠᠪᠤᠳᠦ ᠬᠠᠰᠠᠷ ᠤᠨ ᠲᠠᠬᠢᠯᠭ᠎ᠠ ᠶᠢᠨ ᠲᠦᠯᠦᠭᠡᠯᠡᠬᠦ ᠴᠢᠨᠠᠷ ᠲᠠᠢ ᠤᠯᠠᠮᠵᠢᠯᠠᠭᠴᠢ ᠬᠦᠮᠦᠨ᠃1996 ᠤᠨ ᠳᠤ ᠦᠪᠦᠷ ᠮᠤᠩᠭᠤᠯ ᠤᠨ ᠪᠠᠭᠰᠢ ᠶᠢᠨ ᠲᠡᠭᠡᠳᠦ ᠰᠤᠷᠭᠠᠭᠤᠯᠢ ᠶᠢᠨ ᠲᠡᠥᠬᠡ ᠶᠢᠨ ᠰᠠᠯᠪᠦᠷᠢ ᠠᠴᠠ ᠲᠡᠭᠦᠰᠴᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠳᠤᠬᠠᠭᠠᠯᠭ᠎ᠠ ᠲᠤᠮᠳᠠᠳᠦ ᠰᠤᠷᠭᠠᠭᠤᠯᠢ ᠳᠤ ᠢᠷᠡᠵᠦ ᠪᠠᠭᠰᠢᠯᠠᠪᠠ᠃1973 ᠤᠨ  ᠠᠴᠠ1999 ᠤᠨ ᠬᠦᠷᠳᠡᠯ᠎ᠡ ᠤᠷᠢᠳ ᠬᠤᠵᠢᠳ ᠲᠠᠷᠬᠠᠨ ᠮᠤᠤᠮᠢᠩᠭᠠᠨ ᠬᠤᠯᠪᠤᠭᠠᠳᠦ  ᠬᠤᠰᠢᠭᠤᠨ ᠤ ᠨᠠᠮ ᠤᠨ ᠰᠣᠷᠭᠠᠭᠤᠯᠢ ᠶᠢᠨ ᠪᠠᠭᠰᠢ᠂ ᠵᠤᠬᠢᠶᠠᠨ ᠪᠠᠶᠢᠭᠤᠯᠬᠤ ᠬᠡᠯᠳᠡᠰ ᠤᠨ ᠲᠡᠳ᠋ ᠲᠠᠷᠤᠭ᠎ᠠ᠂ ᠲᠡᠳ᠋ ᠬᠤᠰᠢᠭᠤ ᠲᠠᠷᠤᠭ᠎ᠠ᠂ ᠲᠡᠳ᠋ ᠱᠦᠵᠢ᠂ ᠬᠤᠰᠢᠭᠤ ᠲᠠᠷᠤᠭ᠎ᠠ᠂ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠡᠷᠭᠡ ᠡᠭᠦᠷᠭᠡ ᠲᠤᠰᠢᠶᠠᠯ ᠢ ᠬᠦᠯᠢᠶᠡᠪᠡ᠃ ᠡᠳᠡᠭᠡᠷ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠬᠤ ᠬᠤᠭᠤᠴᠠᠭᠠᠨ ᠳᠤ ᠪᠠᠨ ᠤᠯᠠᠨ ᠲᠦᠮᠡᠨ ᠢᠶᠠᠨ ᠲᠠᠶᠢᠴᠢᠯᠠᠨ ᠬᠤᠰᠢᠭᠤᠨ ᠤ ᠠᠵᠦ ᠠᠬᠤᠢ ᠶᠢᠨ ᠬᠦᠭᠵᠢᠯᠳᠡ᠂ ᠨᠡᠶᠢᠭᠡᠮ ᠤᠨ ᠤᠷᠣᠭᠰᠢᠯᠠᠯᠳᠠ᠂ ᠦᠨᠳᠦᠰᠦᠳᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠲᠤᠭᠳᠠᠭᠤᠨ ᠪᠠᠶᠢᠬᠤ ᠳᠤ ᠠᠬᠢᠭᠤᠯᠬᠤ ᠦᠢᠯᠡᠳᠦᠯ ᠦᠵᠡᠭᠦᠯᠵᠡᠢ᠃      ᠮᠦᠩᠭᠡᠳᠡᠯᠭᠡᠷ ᠲᠡᠥᠬᠡ ᠪᠤᠯᠤᠨ ᠬᠠᠭᠤᠴᠢ ᠰᠤᠳᠤᠯᠤᠯ ᠤᠨ ᠲᠠᠯ᠎ᠠ ᠪᠠᠷ ᠨᠡᠯᠢᠶᠡᠳ ᠬᠦᠨᠵᠡᠭᠡᠢ ᠰᠤᠳᠤᠯᠭᠠᠨ ᠬᠢᠭᠰᠡᠨ ᠶᠤᠮ᠃ ᠲᠡᠷᠡ ᠭᠤᠤᠯ ᠨᠠᠶᠢᠷᠠᠭᠤᠯᠤᠭᠴᠢ ᠪᠤᠯᠵᠦ ︽ᠲᠠᠷᠬᠠᠨ ᠮᠤᠤᠮᠢᠩᠭᠠᠨ ᠤ ᠤᠶᠢᠯᠠᠯᠭ᠎ᠠ᠂︾ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠭᠠᠵᠠᠷ ᠨᠤᠳᠤᠭ ᠤᠨ ᠨᠡᠷ᠎ᠡ ᠶᠢᠨ ᠤᠶᠢᠯᠠᠯᠭ᠎ᠠ︾᠂ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠴᠦᠬᠡᠨ ᠲᠤᠭᠠᠳᠦ ᠦᠨᠳᠦᠰᠦᠳᠡᠨ ᠤ ᠨᠡᠷᠡᠳᠦ ᠬᠦᠮᠦᠰ︾ ᠭᠡᠰᠡᠨ ᠨᠤᠮ ᠢ ᠨᠠᠶᠢᠷᠠᠭᠤᠯᠤᠨ ᠬᠡᠪᠯᠡᠭᠦᠯᠪᠡ᠃ ᠲᠡᠷᠡ ᠦᠪᠡᠷᠳᠡᠭᠡᠨ ︽ᠬᠠᠪᠤᠳᠦ ᠬᠠᠰᠠᠷ︾᠂ ︽ᠠᠶᠢᠪᠠᠭ᠎ᠠ ᠭᠤᠤᠯ ᠤᠨ ᠬᠦᠪᠡᠭᠡᠨ  ᠳᠠᠬᠢ ᠵᠠᠭᠤ ᠮᠢᠩᠭᠠᠨ ᠤᠨ︾᠂ ︽ᠤᠯᠠᠨ  ᠰᠦᠮ᠎ᠡ ᠶᠢᠨ ᠡᠷᠳᠡᠨ ᠤ ᠬᠤᠳᠠ︾᠂ ︽ᠪᠠᠳᠤᠬᠠᠭᠠᠯᠭ᠎ᠠ ᠶᠢᠨ ᠤᠷᠴᠢᠮ ᠳᠠᠬᠢ ᠠᠯᠳᠠᠨ ᠤᠯᠤᠰ  ᠪᠤᠯᠤᠨ ᠶᠤᠸᠠᠨ ᠤᠯᠤᠰ ᠤᠨ ᠦᠶ᠎ᠡ ᠶᠢᠨ ᠪᠠᠶᠢᠴᠠᠭᠠᠯᠳᠠ︾ ︵ᠲᠤᠳᠤᠭᠠᠳᠦ︶᠂ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠡᠥᠬᠡ ᠰᠤᠶᠤᠯ ᠤᠨ ᠦᠯᠡᠳᠡᠭᠳᠡᠯ︾᠂ ︽ᠲᠦᠷᠦ ᠵᠠᠬᠢᠷᠤᠭᠴᠢ ᠬᠦᠩᠵᠦ ᠠᠯᠠᠭ᠎ᠠ ᠪᠠᠬᠢ︾ ᠵᠡᠷᠭᠡ ᠨᠤᠮ ᠢ ᠪᠢᠴᠢᠨ ᠬᠡᠪᠯᠡᠭᠦᠯᠵᠦ᠂ ᠪᠠᠰᠠ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠢᠭᠤᠯᠴᠢᠯᠠᠯ︾᠂ ︽ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ  ᠮᠦᠽᠸᠢ︾ ᠵᠡᠷᠭᠡ ᠶᠢᠨ ᠴᠢᠬᠤᠯᠠ ᠮᠠᠲ᠋ᠧᠷᠢᠶᠠᠯ ᠢ ᠡᠮᠬᠢᠳᠭᠡᠵᠦ ᠲᠠᠯᠪᠢᠪᠠ᠃      ᠮᠦᠩᠬᠡᠳᠡᠯᠭᠡᠷ ᠦᠪᠦᠷ ᠮᠤᠩᠭᠤᠯ ᠤᠨ ᠵᠢᠷᠭᠤᠳᠤᠭᠠᠷ ᠬᠤᠭᠤᠴᠠᠭ᠎ᠠ᠂ ᠲᠤᠯᠤᠳᠤᠭᠠᠷ ᠬᠤᠭᠤᠴᠠᠭᠠᠨ ᠤ ᠠᠷᠠᠳ  ᠤᠨ ᠲᠦᠯᠦᠭᠡᠯᠡᠭᠴᠢ   ᠶᠢᠨ ᠬᠤᠷᠠᠯ ᠤᠨ ᠲᠦᠯᠦᠭᠡᠯᠡᠭᠴᠢ ᠪᠠᠷ  ᠰᠤᠩᠭᠤᠭᠳᠠᠪᠠ᠃ ᠲᠡᠷᠡ ᠪᠠᠰᠠ ᠤᠷᠢᠳ ᠬᠤᠵᠢᠳ ᠲᠠᠪᠤᠳᠤᠭᠠᠷ ᠬᠤᠭᠤᠴᠠᠭᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠪᠦᠳᠦᠮᠵᠢ ᠶᠢᠨ ᠱᠠᠩᠨᠠᠯ ᠤᠯᠪᠠ᠃ ᠦᠪᠦᠷ ᠮᠤᠩᠭᠤᠯ ᠤᠨ ᠦᠨᠳᠦᠰᠦᠳᠡᠨ ᠤ ᠪᠦᠯᠬᠦᠮᠳᠡᠯ ᠤᠷᠤᠭᠰᠢᠯᠠᠯᠳᠠ ᠶᠢᠨ ᠲᠡᠷᠢᠭᠦᠨ ᠤ ᠬᠤᠪᠢ ᠬᠦᠮᠦᠨ ᠢᠶᠠᠷ ᠰᠤᠩᠭᠤᠭᠳᠠᠵᠠᠢ᠃      ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠬᠡᠯᠡ ᠪᠢᠴᠢᠭ ᠢ ᠬᠡᠷᠡᠭᠯᠡᠬᠦ ᠠᠵᠢᠯ ᠤᠨ ᠲᠤᠮᠳᠠ ᠲᠤᠪᠤᠶᠢᠭᠰᠠᠨ ᠠᠮᠵᠢᠯᠳᠠ ᠭᠠᠷᠭᠠᠭᠰᠠᠨ ᠱᠠᠩᠨᠠᠯ ᠬᠦᠷᠳᠡᠪᠡ᠃ ᠡᠭᠦᠨ ᠤ ᠬᠠᠮᠳᠦ ᠪᠠᠰᠠ ᠠᠩᠬᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠤᠳᠤᠷᠠᠬᠢ ᠤᠳᠬ᠎ᠠ ᠰᠤᠶᠤᠯ ᠤᠨ ︽ᠠᠷᠠᠳ ᠤᠨ︾ ᠱᠠᠩᠨᠠᠯ ᠢ ᠰᠢᠯᠭᠠᠷᠠᠭᠤᠯᠬᠤ ᠲᠤᠮᠳᠠ ᠲᠤᠪᠤᠶᠢᠭᠰᠠᠨ ᠵᠢᠳᠭᠦᠯ ᠭᠠᠷᠭᠠᠭᠰᠠᠨ ᠱᠠᠩᠨᠠᠯ ᠬᠦᠷᠳᠡᠪᠡ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号