ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠮᠡᠭᠳᠡᠶᠢᠴᠤᠳ ᠤᠨ ᠬᠤᠯᠪᠤᠭ᠎ᠠ ᠦᠰᠪᠦᠷᠢ ᠬᠡᠥᠬᠡᠳ  ᠤᠨ ᠪᠡᠶ᠎ᠡ ᠮᠠᠬᠠᠪᠤᠳ ᠤᠨ ᠡᠷᠡᠭᠦᠯ ᠦᠰᠦᠯᠳᠡ ᠶᠢ ᠬᠠᠯᠠᠮᠵᠢᠯ᠎ᠠ
ᠨᠡᠶᠢᠲᠡᠯᠡᠭᠰᠡᠨ ᠴᠠᠭ᠄
2021/10/27
     
     10 ᠰᠠᠷ᠎ᠠ ᠶᠢᠨ23 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠮᠡᠭᠳᠡᠶᠢᠴᠤᠳ ᠤᠨ ᠬᠤᠯᠪᠤᠭ᠎ᠠ᠂ ᠡᠬᠡ ᠨᠢᠯᠬᠠᠰ ᠤᠨ ᠡᠷᠡᠭᠦᠯᠵᠢᠯ ᠤᠨ ᠲᠦᠪ ᠲᠠᠢ ᠬᠠᠮᠳᠣᠷᠠᠨ ︽ᠢᠷᠦᠭᠡᠯ︾ ᠰᠠᠶᠢᠨ ᠲᠤᠷ᠎ᠠ ᠶᠢᠨ ᠦᠢᠯᠡᠴᠢᠯᠡᠭᠡᠨ ᠤ ᠪᠦᠯᠬᠦᠮ ᠤᠨ ᠢᠶᠠᠨ ᠬᠠᠪᠰᠤᠷᠠᠨ ᠲᠡᠳᠭᠦᠵᠦ ᠪᠠᠶᠢᠭ᠎ᠠ42 ᠨᠡᠷᠡᠰ ᠬᠡᠥᠬᠡᠳ ᠲᠤ ᠦᠨ᠎ᠡ ᠲᠦᠯᠦᠪᠦᠷᠢ ᠦᠭᠡᠢ ᠪᠠᠷ ᠪᠡᠶ᠎ᠡ ᠶᠢᠨ ᠪᠠᠶᠢᠴᠠᠭᠠᠯᠳᠠ ᠬᠢᠵᠦ ᠦᠭᠭᠦᠭᠰᠡᠨ ᠪᠠᠶᠢᠨ᠎ᠠ᠃
     ᠲᠤᠰ ᠤᠳᠠᠭᠠᠨ ᠤ ᠠᠵᠢᠯᠯᠠᠭ᠎ᠠ ᠨᠢ ᠪᠠᠭᠠᠴᠤᠳ ᠬᠡᠥᠬᠡᠳ ᠲᠤ ᠬᠠᠷᠠᠭ᠎ᠠ᠂ ᠰᠢᠳᠦ᠂ ᠡᠯᠢᠭᠡ ᠠᠭᠤᠰᠬᠢ᠂ ᠯᠢᠮᠪᠠ ᠪᠤᠯᠴᠢᠷᠬᠠᠢ ᠵᠡᠷᠭᠡ ᠡᠯ᠎ᠡ ᠲᠦᠷᠦᠯ ᠤᠨ ᠪᠡᠶ᠎ᠡ ᠶᠢᠨ ᠪᠠᠶᠢᠴᠠᠭᠠᠯᠳᠠ ᠬᠢᠵᠦ ᠦᠭᠬᠦ ᠶᠢᠨ ᠬᠠᠮᠳᠦ ᠡᠮᠴᠢ ᠨᠠᠷ  ᠠᠴᠠ ᠲᠡᠳᠡᠨ ᠤ ᠡᠷᠡᠭᠦᠯ ᠦᠰᠦᠯᠳᠡ ᠳᠤ ᠵᠦᠪᠯᠡᠯᠭᠡ ᠬᠠᠩᠭᠠᠨ᠂ ᠪᠡᠶ᠎ᠡ ᠰᠡᠳᠭᠢᠯ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠩᠬᠠᠷᠤᠨ ᠬᠠᠯᠠᠮᠵᠢᠯᠠᠵᠦ᠂ ︽ᠢᠷᠦᠭᠡᠯ︾ ᠰᠠᠶᠢᠨ ᠲᠤᠷ᠎ᠠ ᠶᠢᠨ ᠦᠢᠯᠡᠴᠢᠯᠡᠭᠡᠨ ᠤ ᠪᠦᠯᠬᠦᠮ ᠤᠨ ᠰᠠᠶᠢᠨ ᠲᠤᠷᠠᠴᠤᠳ ᠠᠴᠠ ᠨᠠᠰᠤᠳᠠᠶᠢᠴᠤᠳ ᠲᠠᠢ ᠰᠠᠭᠤᠵᠦ ᠪᠠᠶᠢᠭ᠎ᠠ ᠬᠡᠥᠬᠡᠳ ᠢ ᠡᠮᠨᠡᠯᠭᠡ ᠳᠤ ᠲᠤᠰᠴᠦ ᠬᠦᠷᠭᠡᠨ ᠲᠦᠭᠦᠮ ᠦᠵᠡᠭᠦᠯᠦᠭᠰᠡᠨ ᠪᠠᠶᠢᠨ᠎ᠠ᠃
      ︽ᠢᠷᠦᠭᠡᠯ ᠰᠠᠶᠢᠨ ᠲᠤᠷ᠎ᠠ ᠶᠢᠨ ᠪᠦᠯᠬᠦᠮ ᠳᠤ2020 ᠤᠨ ᠳᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠮᠡᠭᠳᠡᠶᠢᠴᠤᠳ ᠤᠨ ᠬᠤᠯᠪᠤᠭ᠎ᠠ ᠠᠴᠠ ᠪᠠᠶᠢᠭᠤᠯᠤᠭᠰᠠᠨ ᠬᠤᠰᠢᠭᠤᠨ ᠤ ᠡᠮᠡᠭᠳᠡᠶᠢᠴᠤᠳ ᠤᠨ ᠬᠤᠯᠪᠤᠭᠠᠳᠦ ᠬᠤᠷᠠᠯ ᠤᠨ ᠪᠠᠶᠢᠩᠭᠤ ᠶᠢᠨ ᠬᠡᠰᠢᠭᠦᠨ᠂ ᠭᠦᠢᠴᠡᠳᠭᠡᠭᠴᠢ ᠬᠡᠰᠢᠭᠦᠨ᠂ ᠰᠤᠮᠤ ᠰᠢᠶᠠᠩ ᠪᠠᠯᠭᠠᠰᠤᠨ ᠤ ᠡᠮᠡᠭᠳᠡᠶᠢᠴᠤᠳ ᠤᠨ ᠬᠤᠯᠪᠤᠭᠠᠳᠦ ᠬᠤᠷᠠᠯ ᠤᠨ ᠲᠡᠷᠢᠭᠦᠯᠡᠭᠴᠢ᠂ ᠰᠠᠯᠠᠭᠠᠨ ᠲᠡᠰ ᠤᠨ ᠡᠮᠡᠭᠳᠡᠢ ᠤᠳᠤᠷᠢᠳᠤᠯᠭ᠎ᠠ᠂ ᠡᠮᠡᠭᠳᠡᠢ  ᠺᠠᠳ᠋ᠷ᠂ ᠡᠮᠡᠭᠳᠡᠢ ᠰᠠᠶᠢᠨ ᠲᠤᠷᠠᠴᠤᠳ ᠢᠶᠠᠷ ᠪᠦᠷᠢᠯᠳᠦᠭᠰᠡᠨ ᠶᠠᠳᠠᠭᠤ ᠬᠦᠴᠢᠷᠳᠡᠯᠳᠡᠢ ᠬᠡᠥᠬᠡᠳ ᠪᠠᠭᠠᠴᠤᠳ  ᠢ ︽ᠨᠢᠭᠡ ᠬᠦᠮᠦᠨ ᠢᠶᠠᠷ ᠨᠢᠭᠡ  ᠬᠡᠥᠬᠡᠳ ᠢ ᠬᠠᠪᠰᠤᠷᠤᠨ ᠲᠡᠳᠭᠦᠭᠦᠯᠬᠦ︾ ᠪᠠᠷ ᠲᠠᠮᠵᠢᠭᠤᠯᠤᠨ᠂ ᠬᠡᠥᠬᠡᠳ ᠪᠠᠭᠠᠴᠤᠳ ᠲᠤ ᠰᠡᠳᠭᠢᠴᠡ ᠶᠢᠨ ᠵᠦᠪᠯᠡᠯᠭᠡ᠂ ᠬᠠᠶᠢᠷ᠎ᠠ ᠰᠡᠳᠭᠢᠯᠬᠡ ᠶᠢᠨ ᠰᠤᠯᠢᠯᠴᠠᠭ᠎ᠠ ᠠᠮᠢᠳᠤᠷᠠᠯ ᠤᠨ ᠬᠠᠪᠰᠤᠷᠤᠯᠭ᠎ᠠ ᠵᠡᠷᠭᠡ ᠦᠢᠯᠡᠴᠢᠯᠡᠭᠡ ᠬᠠᠩᠭᠠᠳᠠᠭ ᠬᠤᠯᠪᠤᠭ᠎ᠠ ᠪᠤᠯᠤᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号