ᠪᠠᠳᠤᠬᠠᠭᠠᠯᠭ᠎ᠠ ᠪᠠᠯᠭᠠᠰᠤᠨ ᠤ ᠰᠡᠳᠬᠢᠴᠡ ᠶᠢᠨ ᠵᠦᠪᠯᠡᠯᠭᠡ ᠶᠢᠨ ᠲᠠᠰᠤᠭ ᠤᠨ ᠪᠠᠶᠢᠭᠤᠯᠤᠯᠳᠠ ᠶᠢᠨ ᠪᠦᠷᠬᠦᠴᠡ ᠨᠤᠷᠮ᠎ᠡ ᠨᠢ100% ᠳᠤ ᠬᠦᠷᠦᠭᠰᠡᠨ ᠪᠠᠶᠢᠨ᠎ᠠ
ᠨᠡᠶᠢᠲᠡᠯᠡᠭᠰᠡᠨ ᠴᠠᠭ᠄
2021/10/28
     
     ᠤᠶᠢᠷ᠎ᠠ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠦᠪ ᠪᠠᠳᠤᠬᠠᠭᠠᠯᠭ᠎ᠠ ᠪᠠᠯᠭᠠᠰᠤ ᠨᠢ4 ᠭᠠᠴᠠᠭ᠎ᠠ ᠲᠤᠰᠬᠤᠨ ᠪᠠ7 ᠨᠡᠶᠢᠭᠡᠮ ᠲᠤᠭᠤᠷᠢᠭ ᠲᠤ ᠴᠦᠮ ᠰᠡᠳᠭᠢᠴᠡ ᠶᠢᠨ ᠵᠦᠪᠯᠡᠯᠭᠡ ᠶᠢᠨ ᠲᠠᠰᠤᠭ ᠪᠠᠶᠢᠭᠤᠯᠵᠦ ᠂ ᠰᠡᠳᠬᠢᠴᠡ ᠶᠢᠨ ᠵᠦᠪᠯᠡᠯᠭᠡ ᠶᠢᠨ ᠲᠠᠰᠤᠭ ᠤᠨ ᠪᠠᠶᠢᠭᠤᠯᠤᠯᠳᠠ ᠶᠢᠨ ᠪᠦᠷᠬᠦᠴᠡ ᠶᠢᠨ ᠨᠤᠷᠮ᠎ᠠ ᠨᠢ100% ᠳᠤ ᠬᠦᠷᠴᠦ᠂ ᠠᠷᠠᠳ ᠲᠤ ᠰᠡᠳᠭᠢᠴᠡ ᠶᠢᠨ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠦ ᠪᠠᠶᠢᠨ᠎ᠠ᠃
     ᠤᠳᠤᠬᠠᠨ ᠤ ᠠᠵᠦ ᠠᠬᠤᠢ ᠨᠡᠶᠢᠭᠡᠮ ᠤᠨ ᠦᠳᠳᠦᠷ ᠲᠦᠷᠭᠡᠨ ᠬᠦᠭᠵᠢᠯᠳᠡ ᠶᠢ ᠬᠦᠮᠦᠰ ᠤᠨ ᠲᠠᠷᠤᠭᠠᠰᠦ ᠶᠡᠬᠡᠰᠴᠦ ᠠᠷᠠᠳ ᠤᠨ ᠰᠡᠳᠭᠢᠴᠡ ᠶᠢᠨ ᠠᠰᠠᠭᠤᠳᠠᠯ ᠨᠢ ᠨᠡᠶᠢᠭᠡᠮ ᠤᠨ ᠬᠠᠯᠠᠮᠰᠢᠯ ᠠᠰᠠᠭᠤᠳᠠᠯ ᠪᠤᠯᠤᠭᠰᠠᠨ ᠪᠠᠶᠢᠨ᠎ᠠ᠃ ᠪᠠᠳᠤᠬᠠᠭᠠᠯᠭ᠎ᠠ ᠪᠠᠯᠭᠠᠰᠤᠨ ᠤ ᠰᠡᠳᠭᠢᠴᠡ ᠶᠢᠨ ᠵᠦᠪᠯᠡᠯᠭᠡ ᠶᠢᠨ ᠦᠢᠯᠡᠴᠢᠯᠡᠭᠡᠨ ᠤ ᠲᠠᠰᠤᠭ ᠤᠨ ᠪᠠᠶᠢᠭᠤᠯᠤᠯᠳᠠ  ᠨᠢ ᠭᠡᠷ ᠪᠦᠯᠢ ᠶᠢᠨ ᠦᠢᠯᠡᠴᠢᠯᠡᠭᠡᠨ ᠤ ᠵᠢᠯᠤᠭᠤᠳᠬᠤ ᠦᠷᠳᠡᠭᠡ᠂ ᠤᠷᠤᠭ ᠤᠨ ᠵᠢᠭᠤᠷᠠᠯᠳᠤᠭᠠᠨ ᠢ ᠡᠶᠡᠳᠡᠭᠦᠯᠬᠦ ᠦᠢᠯᠡᠴᠢᠯᠡᠭᠡ ᠲᠠᠢ ᠪᠦᠳᠦᠮᠵᠢᠳᠡᠢ ᠬᠠᠮᠳᠤᠳᠬᠠᠵᠦ᠂ ᠠᠵᠢᠯ ᠤᠨ ᠲᠦᠷᠢᠮᠵᠢᠯ ᠢᠶᠠᠨ ᠲᠡᠭᠦᠯᠳᠡᠷᠵᠢᠭᠦᠯᠦᠨ᠂ ᠲᠠᠰᠤᠭ ᠪᠤᠯᠭᠠᠨ ᠳᠤ ᠲᠠᠷᠣᠭᠠᠰᠤ ᠶᠢ ᠬᠦᠩᠭᠡᠯᠡᠬᠦ ᠲᠤᠭᠯᠠᠭᠠᠮ᠂ ᠵᠢᠷᠤᠭᠰᠠᠨ ᠵᠢᠷᠤᠭ ᠢᠶᠠᠷ ᠲᠠᠶᠢᠯᠤᠮᠵᠢ ᠬᠢᠬᠦ᠂ ᠶᠠᠷᠢᠯᠴᠠᠬᠤ᠂ ᠰᠡᠳᠭᠢᠴᠡ ᠶᠢᠨ ᠲᠠᠶᠢᠯᠤᠮᠵᠢ ᠬᠢᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠲᠠᠮᠵᠢᠭᠤᠯᠤᠨ ᠠᠷᠠᠳ ᠤᠨ ᠰᠡᠳᠬᠢᠴᠡ ᠶᠢᠨ ᠲᠠᠷᠤᠭᠠᠰᠤ ᠶᠢ ᠬᠦᠩᠭᠡᠯᠡᠵᠦ᠂ ᠠᠷᠠᠳ ᠤᠨ ᠡᠳᠦᠷ ᠲᠤᠳᠤᠮ ᠤᠨ ᠠᠮᠢᠳᠤᠷᠠᠯ ᠲᠤᠮᠳᠠ ᠠᠴᠠ ᠡᠭᠦᠰᠦᠭᠰᠡᠨ ᠪᠤᠬᠢᠨᠢᠳᠤᠯ᠂ ᠵᠤᠪᠠᠭᠤᠷᠢ ᠵᠢᠴᠢ ᠪᠠᠴᠢᠮᠳᠠᠵᠦ ᠬᠡᠯᠮᠡᠭᠳᠡᠭᠰᠡᠨ ᠰᠡᠳᠭᠢᠴᠡ ᠶᠢᠨ ᠠᠰᠠᠭᠤᠳᠠᠯ ᠢ ᠨᠢ ᠰᠢᠢᠳᠪᠦᠷᠢᠯᠡᠵᠦ᠂ ᠠᠶᠢᠯ ᠭᠡᠷ ᠤᠨ ᠬᠡᠷᠡᠭᠦᠯ ᠵᠢᠭᠤᠷᠠᠯᠳᠤᠭᠠᠨ ᠢ ᠪᠠᠭᠠᠰᠬᠠᠵᠦ᠂ ᠨᠠᠰᠤᠨ ᠳᠤ ᠦᠯᠦ ᠬᠦᠷᠦᠭᠰᠡᠳ ᠤᠨ ᠪᠠᠶ᠎ᠡ ᠰᠡᠳᠭᠢᠴᠡ ᠶᠢᠨ ᠡᠷᠡᠭᠦᠯ ᠮᠡᠨᠳᠦ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠦ ᠪᠤᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号